ᠯᠢ ᠶᠢᠩ ᠥᠪᠡᠷ ᠤᠨ ᠪᠠᠶᠢᠭ᠎ᠠ ᠨᠠᠮ ᠤᠨ ᠡᠭᠦᠷ ᠤᠨ ᠢᠶᠠᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/2/28
  2 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠲᠤ ᠬᠦᠷᠴᠦ᠂ ᠡᠩ ᠤᠨ ᠨᠠᠮ ᠤᠨ ᠭᠡᠰᠢᠭᠦᠨ ᠤ ᠬᠤᠪᠢ ᠪᠠᠷ ᠪᠠᠶᠢᠭ᠎ᠠ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠠᠰᠠᠭᠤᠳᠠᠯ ᠢ ᠪᠠᠶᠢᠴᠠᠭᠠᠨ ᠵᠠᠳᠠᠯᠤᠭᠰᠠᠨ ᠤ ᠬᠠᠮᠲᠤ ᠬᠤᠪᠢ ᠬᠥᠮᠥᠨ ᠢ ᠬᠠᠷᠢᠴᠠᠭᠤᠯᠤᠨ ᠪᠠᠶᠢᠴᠠᠭᠠᠵᠤ᠂ ᠨᠠᠮ ᠤᠨ ᠡᠭᠦᠷ ᠤᠨ ᠡᠯ᠎ᠡ ᠭᠡᠰᠢᠭᠦᠳ ᠪᠣᠳᠠᠲᠠᠢ ᠲᠠᠢ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠦᠷᠨᠢᠭᠦᠯᠪᠡ᠃
   ᠯᠢ ᠶᠢᠩ ᠶᠡᠷᠦᠩᠬᠡᠶᠢᠯᠡᠨ ᠦᠨᠡᠯᠡᠬᠦ ᠳᠡᠭᠡᠨ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠥᠩᠭᠡᠷᠡᠭᠰᠡᠨ ᠨᠢᠭᠡ ᠵᠢᠯ ᠤᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃    ᠯᠢ ᠶᠢᠩ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠨᠢ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ ︽ᠳᠥᠷᠪᠡᠨ ᠬᠠᠮᠤᠭ ᠤᠨ ᠨᠢᠭᠡ ᠲᠥᠪ︾ ᠤᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠴᠢᠬᠤᠯᠠ ᠬᠦᠴᠦᠨ ᠪᠠᠶᠢᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠨ᠂ ᠦᠵᠡᠯ ᠰᠠᠨᠠᠭ᠎ᠠ᠂ ᠤᠯᠤᠰ ᠲᠥᠷᠥ᠂ ᠦᠶᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ︽ᠬᠤᠶᠠᠷ ᠢ ᠲᠣᠭᠲᠠᠭᠠᠬᠤ︾ ᠶᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ︔ ᠶᠡᠭᠡ ᠲᠠᠯ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠡᠳᠦᠷ ᠳᠤᠳᠤᠮ ᠤᠨ ᠠᠵᠢᠯ ᠢᠶᠠᠨ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠲᠠᠯᠪᠢᠵᠤ ᠰᠡᠳᠬᠢᠨ ᠪᠣᠳᠣᠯᠬᠢᠯᠠᠵᠤ ᠠᠵᠢᠯ ᠢᠶᠠᠨ ᠰᠦᠪᠡᠭᠴᠢᠯᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠨᠠᠷ ᠰᠠᠶᠢᠲᠠᠢ ᠰᠠᠨᠠᠯ ᠰᠠᠨᠠᠭᠤᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠬᠤ ᠬᠡᠷᠡᠭᠲᠡᠢ︔ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠪᠡᠶ᠎ᠡ ᠪᠠᠨ ᠴᠢᠩᠭ᠎ᠠ ᠱᠠᠭᠠᠷᠳᠠᠨ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠶᠣᠰᠣ ᠮᠣᠷᠠᠯ ᠢ ᠡᠪᠦᠷᠯᠡᠨ ᠪᠡᠶ᠎ᠡ ᠪᠠᠨ ᠬᠢᠴᠢᠶᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠰᠠᠬᠢᠬᠤ ᠶᠢ ᠦᠨᠡᠨᠬᠦ ᠪᠡᠶᠡᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠪᠡ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠰᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠪᠠ᠃        ᠵᠣᠬᠢᠶᠠᠭᠴᠢ᠄ ᠴᠧᠨ ᠸᠧᠨ ᠵᠢᠶᠧ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3