| ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠠᠶᠠᠷ ᠤᠨ | ᠡᠳᠦᠷ ᠤᠨ ᠬᠤᠭᠤᠴᠠᠭᠠᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠪᠠᠶᠠᠷ | ᠬᠥᠷ ᠲᠠᠢ᠂ ᠪᠣᠯᠪᠠᠰᠤᠨ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ | ᠲᠦᠯᠦᠭᠡ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠬ᠎ᠠ ᠤᠷᠠᠯᠢᠭ ᠤᠨ ᠬᠤᠯᠪᠣᠭᠠᠲᠤ | ᠠᠩᠭᠢ ᠶᠢᠨ ᠬᠢᠨ 2 ᠰᠠᠷ᠎ᠠ ᠶᠢᠨ 3 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ︶ ᠠᠴᠠ ᠡᠬᠢᠯᠡᠨ ᠡᠯ᠎ᠡ | ᠶᠡᠭᠡ ᠴᠡᠴᠡᠷᠯᠢᠭ ᠤᠨ ᠠᠭᠤᠳᠠᠮ ᠲᠠᠯᠠᠪᠠᠶ ᠳᠤ ᠲᠥᠪᠯᠡᠷᠡᠭᠦᠯᠦᠨ ᠲᠣᠭᠤᠷᠢᠨ ᠲᠣᠭᠯᠠᠯᠲᠠ ᠭᠠᠷᠭᠠᠪᠠ᠃ | | | | | | 2 ᠰᠠᠷ᠎ᠠ ᠶᠢᠨ 4 ᠤ ᠡᠳᠦᠷ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠤᠳᠬ᠎ᠠ | ᠤᠷᠠᠯᠢᠭ ᠤᠨ ᠬᠤᠯᠪᠣᠭᠠᠲᠤ ᠠᠩᠭᠢ ᠶᠢᠨ ᠬᠢᠨ ᠰᠢᠤᠸᠠᠢ ᠭᠠᠩ ᠱᠠᠨ ᠲᠠᠯᠠᠪᠠᠶ ᠳᠤ ᠵᠡᠭᠡᠯᠢ ᠭᠤᠳᠤᠮᠵᠢ ᠶᠢᠨ | ᠤᠯᠠᠮᠵᠢᠯᠠᠯᠲᠤ ᠤᠳᠬ᠎ᠠ ᠤᠷᠠᠯᠢᠭ ᠤᠨ ᠲᠣᠭᠤᠷᠢᠨ ᠲᠣᠭᠯᠠᠯᠲᠠ ᠦᠷᠨᠢᠬᠦᠯᠪᠡ᠃ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠳᠤ᠂ ᠰᠢᠨ᠎ᠡ ᠰᠣᠷᠭᠤᠭ ᠬᠤᠪᠴᠠᠰᠤ ᠵᠠᠰᠠᠯ ᠲᠠᠢ ᠶᠠᠩᠭᠠᠷ ᠪᠥᠵᠢᠭ ᠤᠨ ᠠᠩᠬᠢ ᠶᠢᠨ ᠬᠢᠨ ᠪᠠᠶᠠᠷ | ᠪᠠᠶᠠᠰᠬᠤᠯᠠᠩ ᠲᠠᠢ ᠬᠡᠩᠭᠡᠷᠭᠡ ᠶᠢᠨ ᠲᠠᠭᠤᠨ ᠢ ᠭᠢᠰᠬᠢᠯᠡᠨ ᠪᠥᠵᠢᠭᠯᠡᠵᠦ᠂ ᠪᠠᠶᠠᠷ ᠤᠨ ᠡᠳᠦᠷ ᠲᠤ ᠪᠠᠶᠠᠷ | ᠪᠠᠶᠠᠰᠬᠤᠯᠠᠩ ᠲᠠᠢ ᠴᠠᠭᠠᠨ ᠰᠠᠷ᠎ᠠ ᠶᠢᠨ ᠦᠨᠦᠷ ᠠᠮᠲᠠ ᠶᠢ ᠠᠪᠴᠢᠷᠠᠯ᠎ᠠ᠃ ᠭᠤᠶᠤ ᠰᠠᠶᠢᠬᠠᠨ ᠡᠯᠵᠢᠭᠡᠨ ᠲᠡᠷᠭᠡ | ᠵᠡᠭᠡᠯᠢ ᠭᠤᠳᠤᠮᠵᠢ ᠪᠠᠷ ᠰᠦᠯᠵᠢᠯᠳᠦᠵᠦ᠂ ᠤᠯᠠᠮᠵᠢᠯᠠᠯᠲᠤ ᠵᠠᠩ ᠦᠢᠯᠡ ᠶᠢ ᠲᠠᠬᠢᠨ ᠢᠯᠡᠷᠡᠭᠦᠯᠪᠡ᠃ ᠠᠷᠠᠳ | ᠤᠯᠠᠨ ᠳᠤ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠭᠤᠶᠢᠳᠠ ᠰᠠᠶᠢᠬᠠᠨ ᠲᠣᠭᠯᠠᠯᠲᠠ ᠶᠢ ᠮᠡᠳᠡᠷᠡᠭᠦᠯᠬᠦ ᠶᠢᠨ | ᠬᠠᠮᠲᠤ᠂ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠪᠠᠶᠠᠰᠬᠤᠯᠠᠩ ᠲᠠᠢ ᠥᠯᠵᠡᠢ | ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃ | | | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ | ᠡᠴᠦᠰ ᠤᠨ ᠰᠢᠭᠦᠯᠲᠡ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |