| ᠪᠢᠯᠢᠭ ᠤᠨ ᠤᠯᠠᠷᠢᠯ ᠤᠨ ᠮᠣᠭᠠᠶ ᠵᠢᠯ ᠤᠨ ᠴᠠᠭᠠᠨ ᠰᠠᠷ᠎ᠠ ᠶᠢ ᠪᠠᠶᠠᠷᠯᠠᠨ ᠪᠡᠯᠭᠡᠯᠡᠬᠦ ᠶᠢᠨ ᠲᠥᠯᠥᠭᠡ᠂ ᠮᠠᠨ ᠤ | ᠬᠤᠲᠠ ᠶᠢᠨ ᠬᠢᠨ ᠠᠷᠠᠳ ᠤᠨ ᠴᠡᠴᠡᠷᠯᠢᠭ ᠪᠠ ᠣᠷᠳᠣᠨ ᠤ ᠡᠮᠦᠨᠡᠬᠢ ᠠᠭᠤᠳᠠᠮ ᠲᠠᠯᠠᠪᠠᠶ ᠳᠤ ︽ᠥᠯᠵᠡᠶᠢᠲᠦ ᠮᠣᠭᠠᠶ ᠵᠢᠯ︾ | ᠢᠶᠠᠷ ᠭᠤᠤᠯ ᠰᠡᠳᠦᠪ ᠪᠣᠯᠭᠠᠭᠰᠠᠨ ᠴᠠᠭᠠᠨ ᠰᠠᠷ᠎ᠠ ᠶᠢᠨ ᠳ᠋ᠧᠩ ᠤᠨ ᠦᠵᠡᠭᠦᠯᠦᠯᠭᠡ ᠡᠷᠭᠢᠯᠡᠪᠡ᠃ ᠰᠠᠴᠤᠷᠠᠭᠰᠠᠨ ᠳ᠋ᠧᠩ ᠤᠨ | ᠭᠡᠷᠡᠯ ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ᠂ ᠲᠤᠬᠠᠢ ᠶᠢᠨ ᠲᠠᠯᠠᠪᠠᠢ ᠳᠤ ᠪᠠᠶᠠᠷ ᠤᠨ ᠡᠳᠦᠷ ᠤᠨ | ᠠᠭᠤᠷ ᠠᠮᠢᠰᠬᠤᠯ ᠢᠶᠠᠷ ᠪᠢᠯᠬᠠᠨ᠎ᠠ᠃ | | | | | | ᠲᠣᠰ ᠤᠳᠠᠭᠠᠨ ᠤ ᠳ᠋ᠧᠩ ᠤᠨ ᠦᠵᠡᠭᠦᠯᠦᠯᠭᠡ ᠨᠢ ᠮᠠᠨ ᠤ ᠬᠤᠲᠠ ᠶᠢᠨ ᠣᠷᠣᠨ ᠨᠤᠲᠤᠭ ᠤᠨ ᠰᠣᠶᠣᠯ ᠤᠨ | ᠣᠨᠴᠠᠯᠢᠭ ᠲᠠᠢ ᠤᠷᠠᠨ ᠢᠶᠠᠷ ᠤᠶᠠᠯᠳᠤᠭᠤᠯᠤᠨ᠂ ᠣᠯᠠᠨ ᠪᠦᠯᠦᠭ ᠥᠪᠡᠷᠮᠢᠴᠡ ᠤᠷᠠᠨ ᠠᠪᠢᠶᠠᠰ ᠲᠠᠢ ᠳ᠋ᠧᠩ ᠤᠨ | ᠳᠤᠭᠤᠶᠢᠯᠠᠩ ᠢ ᠨᠠᠷᠢᠨ ᠨᠢᠮᠪᠠᠶ ᠲᠥᠯᠥᠪᠯᠡᠭᠰᠡᠨ ᠪᠠᠶᠢᠨ᠎ᠠ᠃ ᠡᠭᠦᠨ ᠳᠤ᠂ ᠭᠤᠤᠯ ᠳ᠋ᠧᠩ ᠤᠨ ᠳᠤᠭᠤᠶᠢᠯᠠᠩ ᠤᠨ ︽ᠴᠡᠴᠡᠭ | ᠳᠡᠯᠭᠡᠷᠡᠨ ᠪᠠᠶᠠᠨ ᠡᠷᠬᠢᠮ︾ ᠨᠢ ᠭᠤᠶᠢᠳᠠ ᠰᠠᠶᠢᠬᠠᠨ ᠳᠦᠷᠰᠦ ᠪᠦᠲᠦᠭᠡᠯᠲᠡ ᠪᠠ ᠭᠦᠨ ᠭᠦᠨᠵᠡᠭᠡᠶ ᠶᠣᠭᠲᠠ | ᠤᠳᠬ᠎ᠠ ᠪᠠᠷ ᠢᠶᠠᠨ ᠰᠢᠨ᠎ᠡ ᠵᠢᠯ ᠳᠤ ᠬᠤᠷ᠎ᠠ ᠪᠣᠷᠣᠭᠠᠨ ᠲᠡᠭᠰᠢ᠂ ᠲᠠᠪᠤᠨ ᠲᠠᠷᠢᠶ᠎ᠠ ᠡᠯᠪᠡᠭ ᠬᠤᠷᠢᠶᠠᠯᠲᠠ ᠶᠢ ᠪᠡᠯᠭᠡᠳᠡᠭᠰᠡᠨ | ᠪᠠᠶᠢᠳᠠᠭ᠃ ᠡᠭᠦᠨ ᠠᠴᠠ ᠭᠠᠳᠠᠨ᠎ᠠ᠂ ᠳ᠋ᠧᠩ ᠤᠨ ᠦᠵᠡᠭᠦᠯᠦᠯᠭᠡ ᠶᠢᠨ ᠲᠤᠬᠠᠶ ᠶᠢᠨ ᠲᠠᠯᠠᠪᠤᠷ ᠲᠤ ᠪᠠᠰᠠ ︽ᠵᠠᠮ | ᠳᠠᠭᠠᠭᠤᠯᠤᠨ ᠳ᠋ᠧᠩ ᠠᠰᠠᠭᠠᠬᠤ︾᠂ ︽ᠪᠤᠶᠠᠨ ᠤ ᠡᠭᠦᠳᠡ︾ ᠵᠡᠷᠭᠡ ᠤᠯᠠᠮᠵᠢᠯᠠᠯᠲᠤ ᠳ᠋ᠧᠩ ᠤᠨ ᠳᠤᠭᠤᠶᠢᠯᠠᠩ ᠵᠢᠴᠢ ᠣᠲᠣ | ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠲᠠᠢ ᠤᠶᠠᠯᠳᠤᠭᠤᠯᠤᠨ ᠴᠣᠭᠴᠠᠯᠠᠭᠰᠠᠨ ︽ᠬᠡᠷᠡᠯ ᠰᠡᠭᠦᠳᠡᠷ ᠬᠠᠷᠢᠯᠴᠠᠨ | ᠬᠥᠳᠡᠯᠦᠯᠴᠡᠬᠦ︾ ᠳ᠋ᠧᠩ ᠤᠨ ᠲᠣᠭᠤᠷᠢᠭ ᠢ ᠪᠠᠶᠢᠷᠢᠯᠠᠭᠤᠯᠵᠤ᠂ ᠪᠥᠬᠦ ᠬᠤᠲᠠ ᠶᠢᠨ ᠠᠷᠠᠳ ᠲᠦᠮᠡᠨ ᠳᠤ ᠨᠢᠭᠡ ᠤᠳᠠᠭᠠᠨ ᠤ | ᠭᠤᠶᠢᠳᠠ ᠰᠠᠶᠢᠬᠠᠨ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠪᠡᠯᠡᠭᠯᠡᠭᠰᠡᠨ ᠪᠠᠶᠢᠨ᠎ᠠ᠃ ᠬᠤᠳᠠ ᠶᠢᠨ ᠠᠷᠠᠳ ᠤᠳ | ᠴᠡᠴᠡᠭᠲᠦ ᠳ᠋ᠧᠩ ᠲᠠᠢ ᠬᠠᠮᠲᠤ ᠬᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ᠂ ᠡᠨᠡᠬᠦ ᠴᠠᠭᠠᠨ ᠰᠠᠷ᠎ᠠ ᠶᠢᠨ ᠪᠠᠶᠠᠷ | ᠪᠠᠭ᠋ᠠᠳᠤᠯ ᠪᠠ ᠥᠯᠵᠡᠢ ᠪᠡᠯᠭᠡ ᠶᠢ ᠬᠠᠮᠲᠤᠪᠠᠷ ᠮᠡᠳᠡᠷᠡᠪᠡ᠃ | | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠴᠠᠭᠠᠨ ᠰᠠᠷ᠎ᠠ ᠶᠢᠨ ᠳ᠋ᠧᠩ ᠤᠨ ᠦᠵᠡᠭᠦᠯᠦᠯᠭᠡ ᠨᠢ ᠪᠢᠯᠢᠭ ᠤᠨ ᠤᠯᠠᠷᠢᠯ ᠤᠨ | ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ︵ᠥᠯᠵᠡᠶᠢᠲᠦ ᠡᠳᠦᠷ ᠤᠨ ᠪᠠᠶᠠᠷ︶ ᠪᠣᠯᠲᠠᠯ᠎ᠠ ᠦᠷᠭᠦᠯᠵᠢᠯᠡᠵᠦ᠂ ᠡᠨᠡ | ᠬᠤᠭᠤᠴᠠᠭᠠᠨ ᠳᠤ ᠪᠠᠰᠠ ᠣᠯᠠᠨ ᠤᠳᠠᠭᠠᠨ ᠤ ᠥᠪᠡᠷᠮᠢᠴᠡ ᠣᠨᠴᠠᠯᠢᠭ ᠲᠠᠢ ᠠᠵᠢᠯᠯᠠᠭ᠎ᠠ ᠥᠷᠨᠢᠭᠦᠯᠵᠦ᠂ ᠠᠷᠠᠳ ᠣᠯᠠᠨ ᠳᠤ | ᠨᠠᠩ ᠣᠯᠠᠨ ᠪᠠᠶᠠᠷ ᠪᠠᠭ᠋ᠠᠳᠤᠯ ᠠᠪᠴᠢᠷᠠᠬᠤ ᠪᠣᠯᠤᠨ᠎ᠠ᠃ | | | | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ | ᠡᠴᠦᠰ ᠤᠨ ᠰᠢᠭᠦᠯᠲᠡ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |