ᠯᠢ ᠱᠦ ᠸᠧᠢ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠶᠡᠷᠦᠩᠬᠡᠢ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ 2025 ᠣᠨ ᠤ 3 ᠰᠠᠷ᠎ᠠ ᠶᠢᠨ ︽ᠭᠤᠣᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2025/3/10
   3 ᠰᠠᠷ᠎ᠠ ᠶᠢᠨ 7 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠶᠡᠷᠦᠩᠬᠡᠢ ᠡᠭᠦᠷ ᠤᠨ ᠬᠢᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ 2025 ᠣᠨ ᠤ 3 ᠰᠠᠷ᠎ᠠ ᠶᠢᠨ ︽ᠭᠤᠣᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠢ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠪᠦᠬᠦ ᠨᠠᠮ ᠤᠨ ᠭᠡᠰᠢᠭᠦᠳ ᠨᠠᠮ ᠤᠨ ᠰᠦᠢᠳᠬᠡᠯ ᠢ ᠲᠥᠪᠯᠡᠷᠡᠭᠦᠯᠦᠨ ᠲᠤᠰᠢᠶᠠᠪᠠ︔  ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠤᠸᠠᠨ ᠵᠢᠶᠦ᠋ᠨ ᠭᠠᠩ ᠵᠠᠰᠠᠭ ᠤᠨ ᠣᠷᠳᠣᠨ ᠤ  ᠪᠠᠶᠢᠭᠤᠯᠭ᠎ᠠ ᠶᠢᠨ ᠨᠠᠮ ᠤᠨ ᠶᠡᠷᠦᠩᠬᠡᠢ ᠡᠭᠦᠷ ᠤᠨ ᠡᠮᠦᠨ᠎ᠡ ᠠᠴᠠ ᠬᠠᠷᠢᠴᠠᠭᠤᠯᠤᠨ ᠪᠠᠶᠢᠴᠠᠭᠠᠭᠰᠠᠨ ᠪᠥᠭᠡᠳ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠵᠦ᠂ ᠬᠡᠰᠡᠭ ᠨᠠᠮ ᠤᠨ ᠭᠡᠰᠢᠭᠦᠨ ᠲᠥᠯᠥᠭᠡᠯᠡᠭᠴᠢ ᠲᠣᠰ ᠲᠣᠰ ᠶᠠᠷᠢᠶ᠎ᠠ ᠲᠠᠯᠪᠢᠵᠠᠭᠠᠪᠠ︔ ᠵᠢᠯᠤᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠰ ᠤᠳᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠪᠡ᠃ ᠳᠠᠷᠠᠭᠠᠴᠢ ᠪᠠᠷ ᠨᠢ᠂ ᠨᠠᠮ ᠤᠨ ᠭᠡᠰᠢᠭᠦᠨ ᠳᠤ ᠠᠷᠠᠳᠴᠢᠯᠠᠯ ᠢᠶᠠᠷ ᠦᠨᠡᠯᠡᠯᠲᠡ ᠬᠢᠬᠦ ᠠᠵᠢᠯ ᠢ ᠥᠷᠨᠢᠭᠦᠯᠪᠡ᠃    ᠯᠢ ᠱᠦ ᠸᠧᠢ ᠠᠯᠪᠠᠨ ᠭᠡᠷ ᠨᠢ ᠵᠠᠰᠠᠭ ᠤᠨ ᠣᠷᠳᠣᠨ ᠤ ᠰᠢᠰᠲ᠋ᠧᠮ ᠤᠨ ᠭᠤᠣᠯ ᠪᠠᠶᠢᠭᠤᠯᠭ᠎ᠠ ᠪᠣᠯᠤᠭᠰᠠᠨ ᠤ ᠬᠤᠪᠢ ᠳᠤ᠂ ᠳᠡᠭᠡᠳᠦ ᠳᠣᠣᠷᠠᠳᠤ ᠱᠠᠲᠤ ᠲᠠᠢ ᠬᠠᠷᠢᠯᠴᠠᠬᠤ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠵᠥᠪᠯᠡᠭᠴᠢ᠂ ᠵᠠᠰᠠᠭ ᠲᠤ ᠲᠤᠰᠠᠯᠠᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠬᠤᠯᠠ ᠦᠢᠯᠡᠳᠦᠯ ᠢ ᠪᠠᠳᠠᠷᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠠᠯᠪᠠᠨ ᠲᠢᠩᠬᠢᠮ ᠤᠨ ᠠᠵᠢᠯ ᠳᠤ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠤᠯᠤᠰ ᠲᠦᠷᠦ ᠶᠢᠨ ᠲᠠᠯ᠎ᠠ ᠪᠠᠷ ᠮᠡᠷᠭᠡᠨ ᠬᠥᠮᠥᠨ᠂ ᠠᠵᠢᠯ ᠤᠨ ᠲᠠᠯ᠎ᠠ ᠪᠠᠷ ᠰᠢᠷᠭᠠᠭᠤ ᠬᠠᠲᠠᠭᠤᠵᠢᠯᠲᠠᠢ ᠬᠥᠮᠥᠨ ᠵᠢᠴᠢ ᠰᠤᠷᠲᠠᠯ ᠤᠨ ᠲᠠᠯ᠎ᠠ ᠪᠠᠷ ᠲᠥᠪ ᠭᠤᠣᠯᠴᠢ ᠬᠥᠮᠥᠨ ᠪᠤᠯᠵᠤ᠂ ᠰᠤᠷᠤᠯᠴᠠᠯᠭ᠎ᠠ ᠪᠠᠨ ᠲᠡᠰᠦᠷᠡᠯᠳᠠ ᠤᠶᠢᠭᠡᠢ ᠴᠢᠩᠭᠠᠳᠬᠠᠨ᠂ ᠥᠪᠡᠷ ᠢ ᠪᠠᠨ ᠲᠡᠭᠦᠯᠳᠡᠷᠵᠢᠭᠦᠯᠵᠦ᠂ ᠥᠪᠡᠷ ᠢ ᠪᠠᠨ ᠳᠠᠪᠲᠠᠨ ᠪᠣᠯᠪᠠᠰᠤᠷᠠᠭᠤᠯᠵᠤ᠂ ᠨᠠᠮ ᠳᠠᠭᠠᠨ ᠦᠯᠦ ᠣᠰᠣᠯᠳᠠᠬᠤ᠂ ᠠᠷᠠᠳ ᠲᠦᠮᠡᠨ ᠳᠤ ᠦᠯᠦ ᠣᠰᠣᠯᠳᠠᠬᠤ᠂ ᠴᠠᠭ ᠦᠶ᠎ᠡ ᠳᠤ ᠦᠯᠦ ᠣᠰᠣᠯᠳᠠᠬᠤ ᠠᠵᠢᠯ ᠤᠨ ᠠᠮᠵᠢᠯᠲᠠ ᠪᠦᠲᠦᠭᠡᠯ ᠭᠠᠷᠭᠠᠬᠤ ᠶᠢ ᠬᠦᠰᠡᠵᠦ ᠪᠠᠶᠢᠨ᠎ᠠ ᠭᠡᠪᠡ᠃    ᠬᠤᠲᠠ ᠶᠢᠨ ᠤᠳᠤᠷᠢᠳᠤᠯᠭ᠎ᠠ ᠸᠧᠢ ᠭᠦᠸᠧ ᠴᠦᠨ᠂ ᠱᠢ ᠬᠦᠶ ᠵᠢᠶᠦ᠋ᠨ᠂ ᠵᠠᠩ ᠶᠦᠩ ᠵᠢᠶᠦ᠋ᠨ᠂ ᠹᠦ᠋ ᠵᠢᠶᠠᠩ ᠲᠢᠩ᠂ ᠶᠠᠩ ᠱᠦ ᠹᠧᠩ ᠪᠠᠰᠠ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠤᠷᠤᠯᠴᠠᠪᠠ᠃          ᠵᠣᠬᠢᠶᠠᠭᠴᠢ᠄ ᠪᠠᠢ ᠯᠢ ᠨᠠ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3