| 3 ᠰᠠᠷ᠎ᠠ ᠶᠢᠨ 7 ᠤ ᠡᠳᠦᠷ᠂ ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ︽ᠡᠮᠡᠭᠲᠡᠶᠢᠴᠦᠳ ᠤᠨ | ᠬᠤᠨᠳᠠᠭᠠᠲᠤ︾ ᠡᠮᠡᠭᠲᠡᠢ ᠶᠢᠨ ᠫᠢᠩᠫᠠᠩ ᠪᠥᠮᠪᠦᠭᠡ ᠶᠢᠨ ᠤᠷᠤᠯᠳᠤᠭᠠᠨ ᠳᠤ ᠱᠠᠩᠨᠠᠯ ᠣᠯᠭᠤᠬᠤ ᠶᠣᠰᠣᠯᠠᠯ ᠶᠠᠪᠤᠬᠳᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠧᠩ ᠵᠢᠶᠦ᠋ᠨ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ | ᠢᠦᠢ ᠴᠧᠩ ᠠᠵᠢᠯᠯᠠᠭ᠎ᠠ ᠳᠤ ᠣᠷᠣᠯᠴᠠᠭᠰᠠᠨ ᠪᠥᠭᠡᠳ ᠱᠠᠩᠨᠠᠯ ᠭᠠᠷᠳᠠᠭᠤᠯᠪᠠ᠃ | | | | | | | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ ᠮᠠᠨ ᠤ ᠬᠤᠲᠠ ᠶᠢᠨ ᠠᠩᠬᠠᠳᠠᠭᠴᠢ ︽ᠡᠮᠡᠭᠲᠡᠶᠢᠴᠦᠳ ᠤᠨ | ᠬᠤᠨᠳᠠᠭᠠᠲᠤ︾ ᠡᠮᠡᠭᠲᠡᠢ ᠶᠢᠨ ᠫᠢᠩᠫᠠᠩ ᠪᠥᠮᠪᠦᠭᠡ ᠶᠢᠨ ᠤᠷᠤᠯᠳᠤᠭᠠᠨ ᠥᠨᠳᠥᠷᠯᠡᠵᠦ᠂ ᠬᠤᠲᠠ ᠶᠢᠨ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠱᠠᠩᠨᠠᠯ ᠣᠯᠭᠤᠬᠤ ᠶᠣᠰᠣᠯᠠᠯ ᠢ ᠡᠷᠭᠢᠯᠡᠪᠡ᠃ ᠲᠣᠰ ᠤᠳᠠᠭᠠᠨ ᠤ | ᠤᠷᠤᠯᠳᠤᠭᠠᠨ ᠳᠤ ᠪᠦᠯᠬᠦᠮ ᠤᠨ ᠨᠡᠷᠡᠰ ᠤᠨ ᠵᠢᠭᠰᠠᠭᠠᠯᠲᠠ ᠶᠢᠨ ᠱᠠᠩᠨᠠᠯ ᠪᠠ ᠡᠮᠡᠭᠲᠡᠢ ᠶᠢᠨ ᠭᠠᠭᠴᠠ ᠪᠠᠷ ᠴᠣᠬᠢᠬᠤ | ᠤᠷᠤᠯᠳᠤᠭᠠᠨ ᠤ ᠨᠡᠷᠡᠰ ᠤᠨ ᠵᠢᠭᠰᠠᠭᠠᠯᠲᠠ ᠶᠢᠨ ᠱᠠᠩᠨᠠᠯ ᠢ ᠰᠢᠯᠭᠠᠷᠠᠭᠤᠯᠤᠨ ᠭᠠᠷᠭᠠᠵᠤ᠂ ᠬᠢᠨᠠᠭᠴᠢ ᠶᠢᠨ ᠳᠠᠷᠤᠭ᠎ᠠ ᠲᠣᠰ | ᠤᠳᠠᠭᠠᠨ ᠤ ᠤᠷᠤᠯᠳᠤᠭᠠᠨ ᠤ ᠬᠢᠷᠢ ᠪᠦᠲᠦᠮᠵᠢ ᠪᠠ ᠱᠠᠩᠨᠠᠯ ᠣᠯᠣᠭᠰᠠᠨ ᠨᠡᠷᠡᠰ ᠢ ᠤᠩᠰᠢᠨ ᠨᠡᠶᠢᠲᠡᠯᠡᠪᠡ᠃ ᠬᠤᠷᠠᠯ ᠳᠤ | ᠣᠷᠣᠯᠴᠠᠭᠰᠠᠨ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ | ᠱᠠᠩᠨᠠᠯ ᠬᠦᠷᠲᠡᠭᠰᠡᠳ ᠲᠤ ᠱᠠᠩᠨᠠᠯ ᠤᠨ ᠬᠤᠨᠳᠠᠭ᠎ᠠ ᠪᠠ ᠦᠨᠡᠮᠯᠡᠯ ᠤᠯᠭᠤᠪᠠ᠃ | | | | | | | ᠱᠠᠩᠨᠠᠯ ᠣᠯᠭᠤᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠤᠷᠤᠯᠳᠤᠭᠠᠨ ᠳᠤ ᠣᠷᠣᠯᠴᠠᠭᠰᠠᠨ ᠭᠡᠰᠢᠭᠦᠳ | ᠤᠷᠤᠯᠳᠤᠭᠠᠨ ᠢᠶᠠᠷ ᠳᠡᠮᠵᠢᠨ ᠡᠯ᠎ᠡ ᠨᠢᠭᠡᠴᠡ ᠶᠢᠨ ᠬᠤᠭᠤᠷᠣᠨᠳᠣᠬᠢ ᠦᠢᠯᠡᠳᠦᠯᠴᠡᠯ ᠢ ᠠᠬᠢᠭᠤᠯᠵᠤ᠂ ᠪᠡᠶ᠎ᠡ ᠮᠠᠬᠠᠪᠤᠳ ᠢᠶᠠᠨ | ᠳᠠᠪᠲᠠᠨ ᠪᠣᠯᠪᠠᠰᠤᠷᠠᠭᠤᠯᠬᠤ ᠪᠠᠷ ᠪᠠᠷᠠᠬᠤ ᠦᠭᠡᠢ ᠬᠠᠶᠢᠷ᠎ᠠ ᠰᠡᠳᠬᠢᠯᠭᠡ ᠪᠠᠨ ᠴᠦ ᠨᠡᠮᠡᠭᠳᠡᠭᠦᠯᠵᠦ᠂ ᠬᠤᠶᠢᠰᠢᠳᠠ ᠨᠠᠩ | ᠲᠡᠭᠦᠯᠳᠡᠷ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠳᠠᠭᠠᠨ ᠣᠷᠣᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ | ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠭᠡᠪᠡ᠃ | | | ᠵᠣᠬᠢᠶᠠᠭᠴᠢ᠄ ᠬᠤᠤ ᠴᠧᠨ ᠹᠧᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |