ᠵᠢᠷᠭᠤᠳᠤᠭᠠᠷ ᠬᠤᠭᠤᠴᠠᠭᠠᠨ ᠤ ᠹᠸᠡᠭᠵᠧᠨ ᠬᠤᠳᠠ ᠶᠢᠨ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠹᠸᠡᠭᠵᠧᠨ ᠬᠤᠳᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠢ ᠴᠠᠭᠳᠠᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
   3 ᠰᠠᠷ᠎ᠠ ᠶᠢᠨ 7 ᠤ ᠡᠳᠦᠷ᠂ ᠵᠢᠷᠭᠤᠳᠤᠭᠠᠷ ᠬᠤᠭᠤᠴᠠᠭᠠᠨ ᠤ ᠹᠸᠡᠭᠵᠧᠨ ᠬᠤᠳᠠ ᠶᠢᠨ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠹᠸᠡᠭᠵᠧᠨ ᠬᠤᠳᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠢ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃
   ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠠᠵᠢᠯ ᠤᠨ ᠳᠠᠶᠢᠴᠢᠯᠠᠯᠲᠠ ᠬᠢᠵᠦ᠂ ᠴᠠᠭᠳᠠᠨ ᠪᠠᠶᠢᠴᠠᠭᠠᠬᠤ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠪᠠ︔ ᠹᠧᠩᠵᠧᠨ ᠬᠤᠲᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠬᠤᠷᠠᠯ ᠠᠴᠠ ᠱᠠᠭᠠᠷᠳᠠᠭᠰᠠᠨ ᠨᠢ᠄ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ  ᠬᠢᠨ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠴᠠᠭᠳᠠᠨ ᠪᠠᠶᠢᠴᠠᠭᠠᠯᠲᠠ ᠶᠢᠨ ᠬᠢᠨᠠᠯᠲᠠ ᠶᠢ ᠬᠦᠯᠢᠶᠡᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠴᠠᠭᠳᠠᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ ᠬᠠᠮᠵᠢᠯᠴᠠᠬᠤ ᠬᠡᠷᠡᠭᠲᠡᠢ︔ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠬᠤ ᠬᠡᠷᠡᠭᠲᠡᠢ︔ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠴᠠᠭᠳᠠᠨ ᠪᠠᠶᠢᠴᠠᠭᠠᠬᠤ ᠳᠤᠭᠤᠶᠢᠯᠠᠩ ᠳᠤ ᠠᠰᠠᠭᠤᠳᠠᠯ ᠢ ᠲᠤᠰᠬᠠᠵᠤ᠂ ᠪᠠᠶᠢᠳᠠᠯ ᠢ ᠲᠠᠨᠢᠯᠴᠠᠭᠤᠯᠵᠤ᠂ ᠴᠠᠭᠳᠠᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃    ᠬᠤᠷᠠᠯ ᠳᠡᠭᠡᠷ᠎ᠡ ᠪᠠᠰᠠ ᠹᠧᠩᠵᠧᠨ ᠬᠤᠲᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠬᠤ ᠪᠠᠭ ᠲᠤ ᠠᠷᠠᠳᠴᠢᠯᠠᠯ ᠢᠶᠠᠷ ᠰᠢᠯᠭᠠᠨ ᠲᠣᠭᠲᠠᠭᠠᠯᠲᠠ ᠬᠢᠪᠡ᠃         ᠵᠣᠬᠢᠶᠠᠭᠴᠢ᠄ ᠸᠠᠩ ᠨᠢᠩ ᠪᠦᠸᠧ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3