ᠬᠦᠷᠢᠶᠡᠨ ᠤ ︽ᠭᠦᠵᠡᠯᠵᠡᠭᠡᠨ᠎ᠡ︾ ᠶᠢᠨ ᠰᠠᠶᠢᠨ ᠠᠵᠤ ᠠᠬᠤᠢ ᠨᠢ ᠪᠠᠶᠠᠵᠢᠯ ᠤᠨ ᠠᠵᠠ ᠵᠢᠷᠭᠠᠯ ᠤᠨ ᠵᠠᠮ ᠢ ᠳᠠᠪᠢᠰᠦᠨ᠎ᠡ
ᠨᠡᠶᠢᠲᠡᠯᠡᠭᠰᠡᠨ ᠴᠠᠭ᠄
2025/3/13
  ᠣᠶᠢᠷ᠎ᠠ ᠶᠢᠨ ᠡᠳᠦᠷ᠂ ᠵᠢᠦᠢ ᠪᠦᠦ ᠵᠤᠸᠠᠩ ᠪᠠᠯᠭᠠᠰᠤ ᠶᠢᠨ ᠵᠢᠦᠢ ᠪᠦᠦ ᠵᠤᠸᠠᠩ ᠲᠣᠰᠬᠤᠨ ᠳᠤ ᠬᠦᠷᠬᠦ ᠳᠤ᠂ ᠲᠠᠷᠢᠶᠠᠴᠢᠨ ᠠᠶᠢᠯ ᠤᠨ ᠵᠢᠵᠢᠭ ᠬᠦᠷᠢᠶᠡᠨ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠦᠯᠡᠮᠵᠢ ᠶᠢᠨ ᠠᠵᠤ ᠠᠬᠤᠢ ᠶᠢᠨ ᠲᠠᠷᠢᠮᠠᠯ ᠤᠨ ᠤᠷᠭᠤᠴᠠ ᠰᠠᠶᠢᠨ ᠪᠠᠶᠢᠵᠤ᠂ ᠬᠦᠷᠢᠶᠡᠨ ᠤ ᠠᠵᠤ ᠠᠬᠤᠢ ᠨᠢ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠰᠢᠨ᠎ᠡ ᠬᠢᠯᠠᠰ ᠴᠡᠭ ᠪᠤᠯᠪᠠ᠃ ᠵᠢᠵᠢᠭᠬᠡᠨ ᠬᠦᠷᠢᠶ᠎ᠡ ᠬᠠᠰᠢᠶ᠎ᠠ ᠳᠤ ᠪᠠᠶᠠᠵᠢᠬᠤ ᠬᠦᠰᠡᠯ ᠤᠨ ᠵᠠᠮ ᠢ ᠪᠤᠢ ᠪᠣᠯᠭᠠᠵᠤ ᠪᠠᠶᠢᠯ᠎ᠠ᠃
   ᠲᠣᠰᠬᠤᠨ ᠤ ᠠᠷᠠᠳ ᠪᠤᠯᠬᠤ ᠭᠦᠸᠧ ᠯᠢᠩ ᠬᠤᠸᠠ ᠶᠢᠨ ᠬᠦᠷᠢᠶᠡᠨ ᠤ ᠭᠦᠵᠡᠯᠵᠡᠭᠡᠨ᠎ᠡ ᠶᠢᠨ ᠬᠦᠯᠡᠮᠵᠢ ᠳᠤ ᠳᠤᠯᠠᠭᠠᠨ ᠴᠢᠭᠢᠭᠯᠢᠭ ᠨᠣᠮᠢᠨ ᠨᠣᠭᠤᠭᠠᠨ ᠥᠩᠭᠡ ᠪᠠᠷ ᠪᠢᠯᠬᠠᠨ᠎ᠠ᠃ ᠭᠦᠵᠡᠯᠵᠡᠭᠡᠨ᠎ᠡ ᠶᠢᠨ ᠤᠷᠭᠤᠮᠠᠯ ᠤᠨ ᠳᠡᠭᠡᠷ᠎ᠡ ᠮᠥᠬᠦᠯᠢᠭ ᠳᠦᠭᠦᠷᠡᠩ ᠤᠯᠠᠭᠠᠨ ᠵᠢᠮᠢᠰ ᠰᠠᠭᠤᠵᠤ᠂ ᠨᠣᠭᠤᠭᠠᠨ ᠨᠠᠪᠴᠢ ᠶᠢᠨ ᠲᠤᠰᠤᠯᠲᠠ ᠳᠣᠣᠷ᠎ᠠ ᠬᠥᠮᠥᠰ ᠤᠨ ᠰᠣᠨᠢᠷᠬᠠᠯ ᠢ ᠲᠠᠲᠠᠨ᠎ᠠ᠃ ᠵᠤᠭᠠᠴᠠᠭᠰᠠᠳ ᠰᠢᠨ᠎ᠡ ᠰᠣᠷᠭᠤᠭ ᠭᠦᠵᠡᠯᠵᠡᠭᠡᠨ᠎ᠡ ᠶᠢ ᠪᠠᠶᠠᠷ ᠬᠦᠷ ᠲᠠᠢ ᠪᠠᠷ ᠲᠡᠭᠦᠵᠦ᠂ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠠᠶᠢᠯ᠎ᠠ᠃
   ᠭᠦᠸᠧ ᠯᠢᠩ ᠬᠤᠸᠠ ᠶᠢᠨ ᠲᠠᠨᠢᠯᠴᠠᠭᠤᠯᠤᠭᠰᠠᠨ ᠢᠶᠠᠷ᠂ ᠬᠦᠷᠢᠶ᠎ᠡ ᠬᠠᠰᠢᠶ᠎ᠠ ᠳᠤ ᠭᠦᠵᠡᠯᠵᠡᠭᠡᠨ᠎ᠡ ᠳᠠᠷᠢᠬᠤ ᠨᠢ ᠬᠠᠮᠢᠶᠠᠷᠬᠤ ᠳᠤ ᠲᠥᠬᠦᠮ᠂ ᠡᠳᠦᠷ ᠲᠤᠲᠤᠮ ᠤᠨ ᠤᠰᠤᠯᠠᠬᠤ᠂ ᠪᠣᠷᠳᠣᠭᠤᠷ ᠣᠷᠣᠭᠤᠯᠬᠤ᠂ ᠬᠤᠷᠣᠬᠠᠢ ᠠᠷᠢᠯᠭᠠᠬᠤ ᠵᠡᠷᠭᠡ ᠠᠵᠢᠯ ᠢ ᠰᠤᠯᠠ ᠰᠡᠯᠡᠭᠦᠦ ᠴᠠᠭ ᠢᠶᠠᠷ ᠢᠶᠠᠨ ᠬᠢᠵᠦ ᠳᠠᠭᠤᠰᠬᠠᠴᠢᠬᠠᠳᠠᠭ᠃
   ᠣᠶᠢᠯᠠᠭᠠᠭᠰᠠᠨ ᠢᠶᠠᠷ᠂ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠵᠢᠦᠢ ᠪᠦᠦ ᠵᠤᠸᠠᠩ ᠪᠠᠯᠭᠠᠰᠤ ᠶᠢᠨ ᠬᠢᠨ ᠲᠠᠷᠢᠶᠠᠴᠢᠨ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠥᠪᠡᠷ ᠤᠨ ᠭᠡᠷ ᠤᠨ ᠠᠷᠤ ᠲᠠᠯ᠎ᠠ ᠶᠢᠨ ᠬᠤᠭᠤᠰᠤᠨ ᠭᠠᠵᠠᠷ ᠢᠶᠠᠨ ᠠᠰᠢᠭᠯᠠᠨ᠂ ᠣᠨᠴᠠᠯᠢᠭᠲᠤ ᠲᠠᠷᠢᠮᠠᠯ ᠳᠠᠷᠢᠵᠤ ᠲᠡᠵᠢᠭᠡᠨ ᠦᠷᠡᠵᠢᠭᠦᠯᠬᠦ ᠲᠥᠷᠥᠯ ᠵᠦᠢᠯ ᠢ ᠬᠥᠭᠵᠢᠭᠦᠯᠬᠦ ᠶᠢᠨ ᠬᠠᠮᠲᠤ ᠮᠡᠷᠭᠡᠵᠢᠯ ᠤᠨ ᠵᠢᠯᠣᠭᠤᠳᠤᠯᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠭᠰᠠᠨ ᠪᠠᠶᠢᠨ᠎ᠠ᠃    ᠬᠦᠷᠢᠶᠡᠨ ᠤ ᠭᠦᠵᠡᠯᠵᠡᠭᠡᠨ᠎ᠡ ᠶᠢᠨ ᠲᠠᠷᠢᠮᠠᠯ ᠨᠢ ᠲᠣᠰᠬᠤᠨ ᠤ ᠠᠷᠠᠳ ᠲᠤ ᠦᠨᠡᠨ ᠪᠣᠳᠠᠲᠠᠢ ᠠᠵᠤ ᠠᠬᠤᠢ ᠶᠢᠨ ᠦᠷ᠎ᠡ ᠠᠰᠢᠭ ᠢ ᠠᠪᠴᠢᠷᠠᠭᠰᠠᠨ ᠢᠶᠠᠷ ᠪᠠᠷᠠᠬᠤ ᠦᠭᠡᠢ ᠬᠥᠳᠡᠭᠡ ᠲᠣᠰᠬᠤᠨ ᠳᠤ ᠴᠤ ᠦᠵᠡᠰᠬᠦᠯᠡᠩᠲᠦ ᠰᠠᠶᠢᠬᠠᠨ ᠦᠵᠡᠮᠵᠢ ᠶᠢ ᠨᠡᠮᠡᠷᠢᠯᠡᠭᠰᠡᠨ ᠪᠠᠶᠢᠨ᠎ᠠ᠃ ᠭᠦᠵᠡᠯᠵᠡᠭᠡᠨ᠎ᠡ ᠶᠢᠨ ᠪᠣᠯᠪᠠᠰᠤᠷᠠᠬᠤ ᠤᠯᠠᠷᠢᠯ ᠪᠣᠯᠬᠤ ᠪᠦᠷᠢ᠂ ᠴᠥᠭᠡᠨ ᠪᠤᠰᠤ ᠵᠤᠭᠠᠴᠠᠭᠰᠠᠳ ᠤᠨ ᠪᠠᠭ᠋ᠠᠷᠠᠨ ᠢᠷᠡᠵᠦ᠂ ᠲᠡᠭᠦᠬᠦ ᠶᠢᠨ ᠬᠠᠪᠤ ᠴᠡᠩᠭᠡᠯ ᠢ ᠡᠳ᠋ᠯᠡᠨ᠂ ᠬᠥᠳᠡᠭᠡ ᠲᠣᠰᠬᠤᠨ ᠤ ᠥᠩᠭᠡ ᠦᠵᠡᠮᠵᠢ ᠶᠢ ᠮᠡᠳᠡᠷᠡᠵᠦ᠂ ᠲᠣᠰᠬᠤᠨ ᠤ ᠠᠷᠠᠳ ᠲᠤ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠳᠡᠭ᠃        ᠵᠣᠬᠢᠶᠠᠭᠴᠢ᠄ ᠪᠠᠢ ᠯᠢ ᠨᠠ ᠰᠢᠩ ᠶᠦᠩ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3