ᠮᠠᠨ ᠤ ᠬᠤᠲᠠ ᠶᠢᠨ ᠬᠢᠨ 2025 ᠣᠨ ᠤ ᠠᠩᠬᠠᠳᠤᠭᠠᠷ ᠤᠳᠠᠭᠠᠨ ᠤ ᠬᠥᠳᠡᠭᠡ ᠲᠣᠰᠬᠤᠨ ᠤ ᠠᠵᠢᠯ ᠤᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/17
  3 ᠰᠠᠷ᠎ᠠ ᠶᠢᠨ 13 ᠤ ᠡᠳᠦᠷ᠂ ᠮᠠᠨ ᠤ ᠬᠤᠲᠠ ᠶᠢᠨ ᠬᠢᠨ 2025 ᠣᠨ ᠤ ᠠᠩᠬᠠᠳᠤᠭᠠᠷ ᠤᠳᠠᠭᠠᠨ ᠤ ᠬᠥᠳᠡᠭᠡ ᠲᠣᠰᠬᠤᠨ ᠤ ᠠᠵᠢᠯ ᠤᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠶᠢᠩ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠴᠤ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠯᠢ ᠱᠦ ᠸᠧᠢ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠬᠢᠵᠦ᠂ ᠬᠤᠳᠠ ᠶᠢᠨ ᠤᠳᠤᠷᠢᠳᠤᠯᠭ᠎ᠠ ᠴᠧᠨ ᠪᠥᠸᠧ ᠯᠢᠨ᠂ ᠿᠦ ᠷᠦᠢ ᠬᠤᠩ᠂ ᠹᠦ᠋ ᠵᠢᠶᠠᠩ ᠲᠢᠩ᠂ ᠶᠠᠩ ᠱᠦ ᠹᠧᠩ᠂ ᠵᠤᠤ ᠲᠤᠸᠠᠨ ᠢ ᠨᠠᠷ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃
   ᠬᠤᠷᠠᠯ ᠤᠨ ᠬᠤᠭᠤᠴᠠᠭᠠᠨ ᠳᠤ᠂ ᠴᠠᠭᠳᠠᠨ ᠦᠵᠡᠬᠦ ᠳᠤᠭᠤᠶᠢᠯᠠᠩ ᠤᠨ ᠬᠢᠨ ᠵᠢᠦᠢ ᠪᠦᠦ ᠵᠤᠸᠠᠩ ᠪᠠᠯᠭᠠᠰᠤ᠂ ᠯᠦᠩ ᠱᠧᠩ ᠵᠤᠸᠠᠩ ᠪᠠᠯᠭᠠᠰᠤ᠂ ᠾᠧᠢ ᠲᠤ ᠲᠠᠢ ᠪᠠᠯᠭᠠᠰᠤᠨ ᠤ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠤᠬᠠᠢ ᠶᠢᠨ ᠲᠠᠯᠠᠪᠠᠢ ᠳᠤ ᠲᠤᠷᠰᠢᠯᠭ᠎ᠠ ᠪᠠᠨ ᠰᠣᠯᠢᠯᠴᠠᠪᠠ᠃
   ᠲᠠᠷᠠᠭ᠎ᠠ ᠪᠠᠷ ᠨᠢ ᠬᠤᠷᠠᠯᠳᠤᠭᠤᠯᠤᠭᠰᠠᠨ ᠪᠦᠬᠦ ᠬᠤᠳᠠ ᠶᠢᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷ᠎ᠡ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠤᠰ ᠲᠤᠰ ᠥᠪᠡᠷ ᠥᠪᠡᠷ ᠤᠨ ᠬᠦᠷᠢᠶᠡᠨ ᠤ ᠠᠵᠢᠯ ᠤᠨ ᠲᠤᠬᠠᠢ ᠶᠠᠷᠢᠶ᠎ᠠ ᠲᠠᠯᠪᠢᠪᠠ︔ ᠹᠦ᠋ ᠵᠢᠶᠠᠩ ᠲᠢᠩ 2025 ᠣᠨ ᠤ ᠲᠠᠷᠢᠶᠠᠯᠠᠩ ᠬᠥᠳᠡᠭᠡ ᠲᠣᠰᠬᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠪᠠ︔ ᠶᠠᠩ ᠱᠦ ᠹᠧᠩ ᠠᠷᠠᠳ ᠤᠨ ᠶᠠᠪᠤᠳᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠲᠣᠬᠢᠷᠠᠭᠤᠯᠪᠠ᠃  
   ᠯᠢ ᠶᠢᠩ᠄ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠨᠡ ᠵᠢᠯ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠠᠷᠢᠶᠠᠯᠠᠩ ᠤᠨ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠤᠨ ᠭᠠᠷᠤᠯᠲᠠ ᠪᠠ ᠣᠷᠣᠯᠭ᠎ᠠ ᠵᠢᠴᠢ ᠦᠷ᠎ᠡ ᠠᠰᠢᠭ ᠢ ᠨᠡᠮᠡᠭᠳᠡᠭᠦᠯᠬᠦ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ︽ᠰᠠᠶᠢᠨ ᠡᠬᠢᠯᠡᠯᠲᠡ︾᠂ ︽ᠪᠦᠬᠦ ᠵᠢᠯ ᠳᠤ ᠲᠣᠭᠲᠠᠭᠤᠨ︾ ᠪᠠᠶᠢᠬᠤ ᠶᠢ ᠪᠠᠲᠤᠯᠠᠬᠤ ᠬᠡᠷᠡᠭᠲᠡᠢ︔ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠰᠤ ᠠᠷᠪᠢᠯᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠪᠠᠭᠠᠰᠬᠠᠬᠤ ᠬᠡᠷᠡᠭᠲᠡᠢ︔ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠥᠳᠡᠯᠦᠩᠭᠦᠢ ᠬᠢᠨᠠᠨ ᠬᠡᠮᠵᠢᠯᠲᠡ ᠪᠠ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ︔ ᠣᠨᠴᠠᠯᠢᠭᠲᠤ ᠠᠵᠤ ᠦᠢᠯᠡᠰ ᠤᠨ ᠰᠢᠰᠲ᠋ᠧᠮ ᠢ ᠪᠤᠵᠠᠭᠠᠶᠢᠷᠠᠭᠤᠯᠵᠤ᠂ ᠭᠤᠣᠯᠯᠠᠬᠤ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠣᠨᠴᠠᠯᠢᠭᠲᠤ ᠲᠠᠷᠢᠮᠠᠯ ᠪᠠ ᠲᠡᠵᠢᠭᠡᠪᠦᠷᠢ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠪᠦᠬᠦ᠋ᠢᠯᠡ ᠴᠣᠭᠴᠠ ᠶᠢᠨ ᠳᠦᠷᠰᠦ ᠪᠠᠶᠢᠳᠠᠯ ᠪᠠ ᠲᠠᠷᠢᠶᠠᠴᠢᠳ ᠤᠨ ᠠᠮᠢᠳᠤᠷᠠᠯ ᠤᠨ ᠬᠡᠪ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ︔ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠳᠦᠷᠢᠮ ᠪᠠ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ︔ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠡᠯᠧᠮᠧᠨ᠋ᠲ ᠤᠨ ᠪᠠᠲᠤᠯᠠᠭ᠎ᠠ ᠵᠢᠴᠢ ᠴᠢᠳᠠᠪᠤᠷᠢ ᠪᠣᠯᠣᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃            ᠵᠣᠬᠢᠶᠠᠭᠴᠢ᠄ ᠰᠢᠤᠸᠠᠨ ᠶᠠᠨ  ᠪᠠᠢ ᠯᠢ ᠨᠠ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ  ᠵᠧᠦ ᠵᠢᠶᠦ᠋ᠨ ᠫᠢᠩ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3