| —— ᠹᠧᠩᠵᠧᠨ ᠬᠤᠲᠠ᠄ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠶᠢᠴᠠᠭᠠᠯᠲᠠ ᠶᠢ | ᠴᠢᠩᠭᠠᠳᠬᠠᠵᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠨ᠎ᠠ | | ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠵᠠᠩᠭᠢᠯᠠᠭ᠎ᠠ ᠶᠢᠨ ᠴᠠᠭ ᠦᠶ᠎ᠡ | ᠪᠣᠯᠵᠤ ᠪᠠᠶᠢᠨ᠎ᠠ᠂ ᠣᠶᠢᠷ᠎ᠠ ᠶᠢᠨ ᠡᠳᠦᠷ ᠤᠳ ᠲᠤ ᠹᠧᠩᠵᠧᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠣᠯᠣᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠢᠨ ᠬᠠᠤᠯᠢ ᠬᠡᠷᠡᠭᠵᠢᠭᠦᠯᠬᠦ ᠠᠵᠢᠯᠲᠠᠳ ᠢ ᠵᠣᠬᠢᠶᠠᠨ | ᠪᠠᠶᠢᠭᠤᠯᠵᠤ᠂ ᠬᠤᠳᠠᠯ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠪᠠ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠪᠠᠶᠢᠴᠠᠭᠠᠯᠲᠠ ᠬᠢᠵᠦ᠂ ᠬᠤᠳᠠᠯ ᠬᠠᠭᠤᠷᠮᠠᠭ | ᠴᠢᠨᠠᠷ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠴᠦ ᠪᠣᠷᠣᠯᠠᠭᠤᠯᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠢ ᠬᠠᠮᠠᠭᠠᠯᠠᠵᠤ ᠪᠠᠶᠢᠨ᠎ᠠ᠃ | | ᠬᠠᠤᠯᠢ ᠬᠡᠷᠡᠭᠵᠢᠭᠦᠯᠬᠦ ᠠᠵᠢᠯᠲᠠᠳ ᠬᠤᠲᠠ ᠶᠢᠨ ᠡᠮᠦᠨ᠎ᠡ ᠲᠣᠭᠤᠷᠢᠭ᠂ ᠭᠤᠸᠠᠨ ᠲᠦᠨ ᠪᠦ᠋ ᠰᠢᠶᠠᠩ᠂ ᠶᠤᠸᠠᠨ | ᠱᠠᠨ ᠽᠢ ᠰᠢᠶᠠᠩ᠂ ᠾᠧᠢ ᠲᠤ ᠲᠠᠢ ᠪᠠᠯᠭᠠᠰᠤ ᠪᠣᠯᠣᠨ ᠯᠦᠩ ᠱᠧᠩ ᠵᠤᠸᠠᠩ ᠪᠠᠯᠭᠠᠰᠤ ᠵᠡᠷᠭᠡ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠶᠢᠨ ᠬᠥᠮᠥᠷᠭᠡ ᠪᠣᠯᠣᠨ ᠡᠯ᠎ᠡ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠲᠤ ᠭᠦᠨᠵᠡᠭᠡᠶᠢᠷᠡᠵᠦ᠂ ᠲᠠᠷᠢᠶᠠᠨ ᠦᠷ᠎ᠡ᠂ ᠲᠠᠷᠢᠶᠠᠨ | ᠡᠮ᠂ ᠬᠢᠮᠢ ᠶᠢᠨ ᠪᠣᠷᠳᠣᠭᠤᠷ᠂ ᠰᠦᠯᠢᠶᠥᠦ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠪᠦᠲᠦᠭᠡᠭᠳᠡᠬᠦᠨ ᠳᠤ ᠨᠠᠷᠢᠨ ᠨᠢᠭᠲᠠ ᠪᠠᠶᠢᠴᠠᠭᠠᠯᠲᠠ ᠬᠢᠪᠡ᠃ ᠡᠵᠡᠩᠨᠡᠭᠴᠢ ᠶᠢᠨ ᠡᠵᠡᠩᠨᠡᠯᠲᠡ ᠶᠢᠨ ᠦᠨᠡᠮᠯᠡᠯ᠂ | ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠵᠡᠷᠭᠡ ᠦᠨᠡᠮᠯᠡᠯ ᠵᠢᠴᠢ ᠪᠦᠲᠦᠭᠡᠭᠳᠡᠬᠦᠨ ᠤ ᠪᠠᠷᠠᠭ᠎ᠠ | ᠣᠷᠣᠭᠤᠯᠤᠭᠰᠠᠨ ᠲᠣᠳᠣᠷᠬᠠᠢ ᠬᠠᠭᠤᠳᠠᠰᠤ᠂ ᠪᠠᠷᠠᠭ᠎ᠠ ᠪᠣᠷᠣᠯᠠᠭᠤᠯᠤᠭᠰᠠᠨ ᠡᠬᠡ ᠳᠠᠩᠰᠠ᠂ ᠪᠦᠲᠦᠭᠡᠭᠳᠡᠬᠦᠨ ᠤ ᠶᠠᠰᠤ | ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ ᠪᠣᠷᠣᠯᠠᠭᠤᠯᠤᠭᠰᠠᠨ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠬᠦ᠂ | ᠢᠷᠡᠯᠲᠡ ᠶᠢᠨ ᠠᠷᠭ᠎ᠠ ᠵᠠᠮ ᠢ ᠵᠢᠩᠬᠢᠨᠢᠴᠢᠯᠡᠬᠦ ᠶᠢ ᠦᠨᠡᠨᠬᠦ ᠪᠠᠲᠤᠯᠠᠪᠠ᠃ ᠬᠤᠳᠠᠯ ᠢᠶᠠᠷ ᠦᠨᠡᠨ ᠢ ᠣᠷᠣᠯᠠᠭᠤᠯᠬᠤ᠂ | ᠮᠠᠭᠤ ᠪᠠᠷ ᠰᠠᠶᠢᠨ ᠢ ᠣᠷᠣᠯᠠᠭᠤᠯᠬᠤ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠡᠷᠭᠡᠶᠢᠯᠡᠪᠡ᠃ | | | | | | ᠬᠠᠤᠯᠢ ᠬᠡᠷᠡᠭᠵᠢᠭᠦᠯᠬᠦ ᠠᠵᠢᠯᠲᠠᠨ ᠪᠠᠰᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠭᠴᠢ ᠪᠠ | ᠭᠠᠴᠠᠭᠠᠨ ᠤ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ ᠥᠭᠴᠦ᠂ ᠡᠵᠡᠩᠨᠡᠨ ᠪᠣᠷᠣᠯᠠᠭᠤᠯᠬᠤ | ᠬᠤᠳᠠᠯᠳᠤᠭᠠᠴᠢᠨ ᠤ ᠵᠢᠷᠤᠮᠵᠢᠭᠰᠠᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠤᠬᠠᠮᠰᠠᠷ ᠢ ᠳᠡᠭᠡᠭᠰᠢᠯᠡᠭᠦᠯᠬᠦ ᠶᠢᠨ | ᠬᠠᠮᠲᠤ ᠭᠠᠴᠠᠭᠠᠨ ᠤ ᠠᠷᠠᠳ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠶᠤᠯᠭᠦᠢ ᠶᠢᠨ ᠤᠬᠠᠮᠰᠠᠷ ᠢ | ᠴᠢᠩᠭᠠᠳᠬᠠᠪᠠ᠃ | | ᠲᠣᠰ ᠤᠳᠠᠭᠠᠨ ᠤ ᠲᠤᠰᠬᠠᠢ ᠠᠵᠢᠯᠯᠠᠭ᠎ᠠ ᠨᠢ ᠬᠠᠪᠤᠷ ᠤᠨ ᠲᠠᠷᠢᠶᠠᠯᠠᠭ᠎ᠠ ᠳᠠᠭᠤᠰᠬᠤ ᠪᠣᠯᠲᠠᠯ᠎ᠠ ᠦᠷᠭᠦᠯᠵᠢᠯᠡᠵᠦ᠂ | ᠣᠲᠣ ᠨᠢᠭᠡᠨᠲᠡ 45 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢ | ᠪᠠᠶᠢᠴᠠᠭᠠᠭᠰᠠᠨ ᠪᠥᠭᠡᠳ 8000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠪᠥᠬᠦ | ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠲᠣᠣᠷ ᠰᠦᠯᠵᠢᠶ᠎ᠡ ᠶᠢ ᠪᠠᠶᠢᠭᠤᠯᠬᠤ ᠪᠠᠷ ᠳᠠᠮᠵᠢᠭᠤᠯᠤᠨ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠢ ᠦᠨᠡᠨᠬᠦ ᠬᠠᠮᠠᠭᠠᠯᠠᠬᠤ ᠪᠠᠷ ᠴᠢᠷᠮᠠᠶᠢᠨ᠎ᠠ᠃ | | | | ᠵᠣᠬᠢᠶᠠᠭᠴᠢ᠄ ᠵᠠᠩ ᠿᠢ ᠵᠢᠤᠸᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |