| ᠬᠡᠦᠬᠡᠳ ᠢ ᠬᠠᠮᠠᠭᠠᠯᠠᠬᠤ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠦᠨᠳᠦᠰᠦᠨ ᠱᠠᠲᠤᠨ ᠤ ᠬᠡᠦᠬᠡᠳ ᠤᠨ ᠠᠵᠢᠯ ᠤᠨ ᠡᠩᠨᠡᠭᠡ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ | ᠲᠤᠰᠠᠳᠠ᠂ ᠲᠦᠷᠦᠭᠦᠬᠡᠨ᠂ ᠹᠧᠩᠵᠧᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠡᠦᠬᠡᠳ ᠤᠨ | ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠭᠤᠯᠤᠯ ᠤᠨ ᠬᠤᠷᠠᠯ ᠢ ᠡᠷᠭᠢᠯᠡᠵᠦ᠂ ᠬᠡᠦᠬᠡᠳ ᠤᠨ ᠠᠰᠠᠷᠠᠮᠵᠢ ᠶᠢᠨ ᠠᠵᠢᠯ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠪᠡ᠃ | | | | | ᠬᠤᠷᠠᠯ ᠳᠡᠭᠡᠷ᠎ᠡ ᠹᠧᠩᠵᠧᠨ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠤᠨ | ᠲᠠᠶᠢᠯᠪᠤᠷᠢᠯᠠᠭᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ | ᠬᠠᠮᠠᠭᠠᠯᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ | ᠠᠬᠢᠭᠤᠯᠬᠤ ᠬᠠᠤᠯᠢ︾ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠲᠣᠭᠤᠷᠢᠨ ᠳᠤ ᠨᠠᠷᠢᠨ ᠲᠠᠶᠢᠯᠪᠤᠷᠢᠯᠠᠯᠲᠠ ᠬᠢᠬᠦ ᠶᠢᠨ ᠬᠠᠮᠲᠤ ᠬᠡᠦᠬᠡᠳ ᠤᠨ ᠬᠢᠨᠠᠨ ᠵᠢᠯᠣᠭᠤᠳᠤᠭᠴᠢ ᠪᠠ ᠬᠡᠦᠬᠡᠳ ᠤᠨ | ᠡᠷᠬᠢᠯᠡᠭᠴᠢ ᠶᠢᠨ ᠳᠦᠷᠢ ᠶᠢᠨ ᠪᠠᠶᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ ᠥᠭᠦᠯᠡᠵᠦ᠂ | ᠬᠤᠷᠠᠯ ᠳᠤ ᠣᠷᠣᠯᠴᠠᠭᠰᠠᠳ ᠲᠤ ᠬᠡᠦᠬᠡᠳ ᠢ ᠬᠠᠮᠠᠭᠠᠯᠠᠬᠤ ᠠᠵᠢᠯ ᠤᠨ ᠲᠤᠬᠠᠢ ᠪᠥᠬᠦ ᠲᠠᠯ᠎ᠠ ᠶᠢᠨ ᠭᠦᠨᠵᠡᠭᠡᠢ | ᠣᠶᠢᠯᠠᠭᠠᠯᠲᠠ ᠲᠠᠢ ᠪᠤᠯᠭᠠᠪᠠ᠃ ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠨᠡᠶᠢᠭᠡᠮ ᠤᠨ ᠠᠵᠢᠯ ᠤᠨ | ᠦᠢᠯᠡᠴᠢᠯᠡᠭᠡᠨ ᠤ ᠥᠷᠲᠡᠭᠡ ᠶᠢᠨ ᠨᠡᠶᠢᠭᠡᠮ ᠤᠨ ᠠᠵᠢᠯᠲᠠᠨ ᠪᠠᠰᠠ ᠬᠡᠦᠬᠡᠳ ᠤᠨ ᠡᠷᠬᠡ ᠠᠰᠢᠭ ᠢ ᠪᠠᠲᠤᠯᠠᠬᠤ ᠪᠠ | ᠠᠪᠤᠷᠠᠨ ᠲᠤᠰᠠᠯᠠᠬᠤ ᠪᠣᠳᠠᠲᠤ ᠬᠡᠷᠡᠭᠯᠡᠭᠡᠨ ᠤ ᠶᠠᠪᠤᠴᠠ ᠶᠢ ᠬᠤᠪᠢᠶᠠᠨ ᠡᠳ᠋ᠯᠡᠪᠡ᠃ ᠲᠣᠰ ᠤᠳᠠᠭᠠᠨ ᠤ | ᠪᠣᠯᠪᠠᠰᠤᠷᠠᠭᠤᠯᠤᠯ ᠢᠶᠠᠷ ᠳᠡᠮᠵᠢᠨ᠂ ᠣᠯᠠᠨ ᠢᠶᠠᠷ ᠢᠶᠠᠨ ᠲᠣᠰ ᠪᠡᠶ᠎ᠡ ᠶᠢᠨ ᠠᠵᠢᠯ ᠤᠨ ᠲᠤᠬᠠᠢ ᠨᠠᠩ ᠲᠣᠳᠣᠷᠬᠠᠢ | ᠲᠠᠨᠢᠯᠲᠠ ᠲᠠᠢ ᠪᠣᠯᠵᠤ᠂ ᠲᠤᠰᠬᠠᠢ ᠮᠡᠷᠭᠡᠵᠢᠯ ᠤᠨ ᠪᠤᠯᠪᠠᠰᠤᠷᠠᠭᠤᠯᠤᠯ ᠪᠠ ᠠᠵᠢᠯ ᠤᠨ ᠴᠢᠳᠠᠪᠤᠷᠢ ᠪᠠᠨ | ᠪᠦᠲᠦᠮᠵᠢᠲᠡᠶ ᠪᠠᠷ ᠳᠡᠭᠡᠭᠰᠢᠯᠡᠭᠦᠯᠪᠡ᠃ | | | | | | ᠲᠠᠷᠠᠭᠠᠴᠢ ᠶᠢᠨ ᠠᠯᠬᠤᠮ ᠳᠤ᠂ ᠹᠧᠩᠵᠧᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ | ᠬᠡᠦᠬᠡᠳ ᠢ ᠬᠠᠮᠠᠭᠠᠯᠠᠬᠤ ᠠᠵᠢᠯ ᠢ ᠦᠷᠭᠦᠯᠵᠢᠯᠡᠨ ᠠᠩᠬᠠᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠯᠪᠣᠭᠳᠠᠯ | ᠪᠦᠬᠦᠢ ᠪᠣᠯᠪᠠᠰᠤᠷᠠᠭᠤᠯᠤᠯ ᠪᠠ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠡᠦᠬᠡᠳ ᠤᠨ ᠬᠢᠨᠠᠨ | ᠵᠢᠯᠣᠭᠤᠳᠤᠭᠴᠢ ᠪᠠ ᠬᠡᠦᠬᠡᠳ ᠤᠨ ᠡᠷᠬᠢᠯᠡᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠡᠦᠬᠡᠳ ᠢ ᠬᠠᠮᠠᠭᠠᠯᠠᠬᠤ ᠠᠵᠢᠯ ᠤᠨ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠨᠡᠶᠢᠭᠡᠮ ᠤᠨ ᠬᠠᠮᠲᠤᠷᠠᠯᠴᠠᠭ᠎ᠠ ᠶᠢ | ᠴᠢᠩᠭᠠᠳᠬᠠᠨ᠂ ᠹᠧᠩᠵᠧᠨ ᠬᠤᠲᠠ ᠶᠢᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠳᠤᠪᠠᠷ | ᠬᠠᠮᠠᠭᠠᠯᠠᠵᠤ᠂ ᠬᠡᠦᠬᠡᠳ ᠨᠢᠭᠡᠪᠦᠷᠢ ᠶᠢ ᠬᠠᠶᠢᠷ᠎ᠠ ᠬᠠᠯᠠᠮᠵᠢ ᠳᠣᠣᠷ᠎ᠠ ᠢᠳᠡᠷᠡᠭᠦᠨ ᠢᠶᠠᠷ ᠥᠰᠬᠡᠨ ᠪᠤᠶᠢᠵᠢᠭᠤᠯᠤᠨ᠎ᠠ᠃ | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |