| 3 ᠰᠠᠷ᠎ᠠ ᠶᠢᠨ 17 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠸᠡᠭᠵᠧᠨ | ᠬᠤᠳᠠ ᠶᠢᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠢᠨ ᠠᠷᠪᠠᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠢ | ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠪᠤᠯᠤᠨ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠶᠧ᠂ ᠵᠣᠣ ᠲᠤᠸᠠᠨ ᠢ ᠨᠠᠷ | ᠬᠤᠷᠠᠯ ᠳᠤ ᠣᠷᠣᠯᠴᠠᠪᠠ᠃ ᠵᠠᠩ ᠵᠢᠶᠦ᠋ᠨ ᠬᠤᠷᠠᠯ ᠢ ᠡᠷᠭᠢᠯᠡᠪᠡ᠃ | | ᠬᠤᠷᠠᠯ ᠳᠤ ᠣᠷᠣᠯᠴᠠᠬᠤ ᠶᠣᠰᠣᠲᠠᠢ ᠬᠥᠮᠥᠨ 37᠂ ᠪᠣᠳᠠᠲᠠᠢ ᠣᠷᠣᠯᠴᠠᠭᠰᠠᠨ ᠬᠥᠮᠥᠨ 30 ᠪᠠᠶᠢᠵᠤ᠂ | ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠬᠤᠷᠠᠯᠳᠤᠭᠠᠨ ᠠᠴᠠ ᠡᠩ ᠲᠡᠷᠢᠭᠦᠨ ᠳᠤ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ | ᠹᠧᠩᠵᠧᠨ ᠬᠤᠲᠠ ᠶᠢᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠤᠳᠠᠭᠠᠨ ᠤ | ᠬᠤᠷᠠᠯᠳᠤᠭᠠᠨ ᠤ ᠵᠥᠪᠯᠡᠬᠦ ᠵᠦᠢᠯ ︵ᠲᠥᠰᠥᠯ︶ ᠢ ᠬᠢᠨᠠᠨ ᠶᠠᠷᠢᠯᠴᠠᠵᠤ ᠪᠠᠲᠤᠯᠠᠪᠠ᠃ | ᠬᠤᠷᠠᠯ ᠠᠴᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ︽ᠤᠯᠤᠰ ᠲᠥᠷᠥ ᠶᠢᠨ ᠵᠥᠪᠯᠡᠯᠭᠡᠨ ᠤ ᠹᠧᠩᠵᠧᠨ ᠬᠤᠲᠠ ᠶᠢᠨ ᠬᠤᠷᠢᠶ᠎ᠠ ᠶᠢᠨ 2025 ᠣᠨ ᠤ | ᠠᠵᠢᠯ ᠤᠨ ᠭᠤᠣᠯᠳᠠᠯᠭ᠎ᠠ︾ ᠵᠢᠴᠢ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠶᠠᠷᠢᠯᠴᠠᠵᠤ | ᠪᠠᠲᠤᠯᠠᠪᠠ︔ ︽ᠹᠧᠩᠵᠧᠨ ᠬᠤᠲᠠ ᠶᠢᠨ 2024 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ | ᠠᠵᠢᠯ ᠤᠨ ᠲᠥᠯᠥᠪᠯᠡᠭᠡ︾ ᠶᠢ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠤᠨ ᠬᠤᠭᠤᠴᠠᠭᠠᠨ ᠳᠤ ᠪᠠᠰᠠ 2025 ᠣᠨ ᠤ ᠠᠩᠬᠠᠳᠤᠭᠠᠷ ᠬᠤᠭᠤᠴᠠᠭᠠᠨ ᠤ ︽ᠭᠡᠰᠢᠭᠦᠳ ᠤᠨ | ᠬᠢᠴᠢᠶᠡᠯ ᠤᠨ ᠲᠢᠩᠭᠢᠮ︾ ᠤᠨ ᠠᠵᠢᠯᠯᠠᠭ᠎ᠠ ᠶᠢ ᠡᠷᠭᠢᠯᠡᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠶᠤᠸᠠᠨ ᠱᠠᠨ ᠽᠢ ᠰᠢᠶᠠᠩ ᠤᠨ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠶᠠᠩ ᠰᠢᠶᠣᠣ ᠲᠠᠩ | ᠨᠥᠬᠦᠷ ︽ᠹᠧᠩᠵᠧᠨ ᠤ ᠲᠡᠦᠬᠡ ᠶᠢ ᠭᠦᠶᠦᠬᠡᠨ ᠶᠠᠷᠢᠵᠤ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠬᠦ︾ | ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠪᠡ᠃ | | | | | ᠵᠣᠬᠢᠶᠠᠭᠴᠢ᠄ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |