| 3 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠨᠢᠭᠡᠳᠦᠭᠡᠷ | ᠤᠯᠠᠷᠢᠯ ᠤᠨ ᠭᠤᠣᠯ ᠢ ᠴᠠᠭᠳᠠᠬᠤ ᠠᠵᠢᠯ ᠢ ᠥᠷᠨᠢᠭᠦᠯᠵᠦ᠂ ᠬᠤᠲᠠ ᠶᠢᠨ ᠤᠳᠤᠷᠢᠳᠤᠯᠭ᠎ᠠ ᠵᠠᠩ ᠰᠢᠨ᠂ ᠹᠦ᠋ ᠵᠢᠶᠠᠩ | ᠲᠢᠩ ᠨᠠᠷ ᠬᠠᠮᠳᠤᠪᠠᠷ ᠤᠷᠤᠯᠴᠠᠪᠠ᠃ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠤᠨ ᠵᠣᠷᠢᠯᠭ᠎ᠠ ᠨᠢ | ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠭᠤᠣᠯ ᠮᠥᠷᠡᠨ ᠤ | ᠳᠠᠷᠤᠭ᠎ᠠ ᠶᠢᠨ ᠳᠦᠷᠢᠮ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠠᠬᠢᠭᠤᠯᠵᠤ᠂ ᠤᠰᠤᠨ ᠤ ᠠᠮᠢ | ᠠᠬᠤᠢ ᠶᠢᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠬᠤ ᠶᠢᠨ ᠲᠥᠯᠥᠭᠡ ᠶᠤᠮ᠃ | | ᠯᠢ ᠶᠢᠩ ᠨᠠᠷ ᠤᠷᠢᠳ ᠬᠤᠵᠢᠳ ᠬᠤᠩ ᠱᠠ ᠪᠠ ᠪᠠᠯᠭᠠᠰᠤᠨ ᠤ ᠶᠠᠩ ᠫᠦᠸᠧ ᠲᠣᠰᠬᠤᠨ᠂ ᠦ᠋ ᠬᠤᠤ | ᠲᠣᠰᠬᠤᠨ᠂ ᠹᠧᠩ ᠯᠧ ᠶᠣᠣ ᠲᠣᠰᠬᠤᠨ ᠵᠡᠷᠭᠡ ᠭᠠᠵᠠᠷ ᠲᠤ ᠬᠦᠷᠴᠦ᠂ ᠭᠤᠣᠯ ᠢ ᠴᠠᠭᠳᠠᠬᠤ ᠠᠵᠢᠯ ᠦᠷᠨᠢᠭᠦᠯᠪᠡ᠃ | ᠬᠦᠷᠦᠭᠰᠡᠨ ᠭᠠᠵᠠᠷ ᠪᠣᠯᠭᠠᠨ ᠳᠤ᠂ ᠯᠢ ᠶᠢᠩ ᠲᠤᠬᠠᠢ ᠶᠢᠨ ᠲᠠᠯᠠᠪᠤᠷ ᠲᠤ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ᠂ ᠡᠷᠭᠢ ᠶᠢᠨ ᠱᠤᠭᠤᠮ ᠤᠨ ᠬᠠᠮᠢᠶᠠᠷᠤᠯᠲᠠ | ᠬᠠᠮᠠᠭᠠᠯᠠᠯᠲᠠ᠂ ᠭᠤᠣᠯ ᠤᠨ ᠵᠠᠮ ᠤᠨ ᠣᠷᠴᠢᠨ ᠠᠬᠤᠢ ᠶᠢᠨ ᠵᠠᠰᠠᠯᠲᠠ ᠵᠢᠴᠢ ᠠᠰᠢᠭᠯᠠᠯᠲᠠ ᠵᠡᠷᠭᠡ ᠲᠠᠯ᠎ᠠ ᠶᠢᠨ | ᠪᠣᠳᠠᠲᠠᠢ ᠠᠵᠢᠯ ᠤᠨ ᠪᠠᠶᠢᠳᠠᠯ ᠢ ᠨᠠᠷᠢᠨ ᠤᠶᠢᠯᠠᠭᠠᠪᠠ᠃ | ᠯᠢ ᠶᠢᠩ᠄ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ | ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ | ᠡᠷᠡᠰ ᠰᠠᠬᠢᠨ ᠬᠠᠮᠠᠭᠠᠯᠠᠬᠤ ᠬᠡᠷᠡᠭᠲᠡᠢ︔ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠭᠤᠣᠯ ᠤᠨ ᠵᠠᠮ ᠠᠴᠠ | ᠡᠯᠡᠰᠦ ᠮᠠᠯᠲᠠᠬᠤ ᠠᠵᠢᠯ ᠳᠤ ᠬᠢᠨᠠᠯᠲᠠ ᠲᠠᠯᠪᠢᠬᠤ ᠪᠠ ᠬᠠᠮᠢᠶᠠᠷᠬᠤ ᠪᠠᠨ ᠴᠢᠩᠭᠠᠳᠬᠠᠵᠤ᠂ ᠭᠤᠣᠯ ᠤᠨ ᠵᠠᠮ ᠠᠴᠠ | ᠬᠠᠤᠯᠢ ᠪᠤᠰᠤ ᠪᠠᠷ ᠡᠯᠡᠰᠦ ᠮᠠᠯᠲᠠᠬᠤ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠪᠥᠬᠦ ᠴᠠᠭ | ᠬᠤᠭᠤᠴᠠᠭᠠᠨ ᠤ ᠪᠥᠬᠦ ᠣᠷᠣᠨ ᠪᠦᠰᠡᠴᠢᠯᠡᠭᠰᠡᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠬᠠᠤᠯᠢ ᠪᠤᠰᠤ ᠪᠠᠷ | ᠡᠯᠡᠰᠦ ᠮᠠᠯᠲᠠᠬᠤ ᠳᠤ ᠥᠨᠳᠥᠷ ᠳᠠᠷᠤᠯᠲᠠᠲᠤ ᠬᠦᠴᠦᠲᠡᠢ ᠴᠣᠬᠢᠯᠲᠠ ᠥᠭᠬᠦ ᠪᠠᠶᠢᠳᠠᠯ ᠢ ᠢᠮᠠᠭᠲᠠ ᠪᠠᠲᠤᠯᠠᠵᠤ᠂ | ᠭᠤᠣᠯ ᠤᠨ ᠵᠠᠮ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃ | | | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |