ᠪᠦᠬᠦ ᠬᠤᠲᠠ ᠶᠢᠨ ᠬᠡᠪᠴᠢᠶᠡᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠬᠡᠷᠡᠭᠵᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2025/3/20
   ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠨ ᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠮᠠᠯ ᠮᠠᠯᠵᠢᠬᠤ ᠠᠴᠠ ᠪᠣᠯᠤᠭᠰᠠᠨ ᠨᠤᠲᠤᠭ ᠪᠡᠯᠴᠢᠭᠡᠷ ᠤᠨ ᠡᠯᠡᠰᠦᠷᠬᠡᠭᠵᠢᠯ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠮᠠᠯ ᠠᠵᠤ ᠠᠬᠤᠶ ᠶᠢᠨ ᠠᠵᠤ ᠦᠢᠯᠡᠰ ᠤᠨ ᠲᠠᠰ ᠳᠡᠪᠰᠢᠬᠦ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠷ ᠳᠥᠯᠭᠢᠨ ᠠᠬᠢᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ   ᠰᠢᠢᠳᠭᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠥᠬᠦ ᠬᠤᠲᠠ ᠶᠢᠨ ᠬᠡᠪᠴᠢᠶᠡᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠬᠯᠠᠨ ᠵᠣᠭᠰᠣᠭᠠᠬᠤ ᠶᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠬᠡᠷᠡᠭᠵᠢᠭᠦᠯᠬᠦ ᠬᠡᠪᠴᠢᠶ᠎ᠡ ᠵᠢᠴᠢ ᠴᠠᠭ ᠬᠤᠭᠤᠴᠠᠭ᠎ᠠ    ︵ᠨᠢᠭᠡ︶ ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠄ ᠪᠥᠬᠦ ᠬᠤᠲᠠ ᠶᠢᠨ ᠬᠡᠪᠴᠢᠶᠡᠨ ᠳᠤ ᠨᠢᠭᠡᠨᠲᠡ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠣᠷᠣᠭᠤᠯᠤᠭᠰᠠᠨ ᠣᠷᠣᠨ ᠪᠦᠰᠡ ᠳᠤ᠂ ᠪᠥᠬᠦ ᠵᠢᠯ ᠳᠤ ᠪᠥᠬᠦ ᠴᠠᠭ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ ᠶᠠᠮᠠᠷᠪᠠ ᠪᠡᠯᠴᠢᠭᠡᠷᠯᠡᠭᠦᠯᠬᠦ  ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃    ︵ᠬᠤᠶᠠᠷ︶ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠦᠰᠡ᠄ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠳᠤ ᠣᠷᠣᠭᠤᠯᠤᠭᠠᠳᠤᠶ ᠣᠷᠣᠨ ᠪᠦᠰᠡ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠬᠡᠷᠡᠭᠵᠢᠭᠦᠯᠦᠨ᠎ᠡ᠃ᠡᠯ᠎ᠡ ᠰᠢᠶᠠᠩ ᠪᠠᠯᠭᠠᠰᠤ ︵ᠡᠮᠦᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ︶ ᠶᠢᠨ ᠠᠷᠠᠳ ᠤᠨ ᠵᠠᠰᠠᠭ ᠤᠨ ᠣᠷᠳᠣᠨ ᠨᠢ ᠨᠤᠲᠤᠭ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠶᠢ ᠦᠨᠳᠦᠰᠦᠯᠡᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠵᠦᠶ ᠵᠣᠬᠢᠰᠲᠠᠶ ᠬᠢᠨᠠᠨ ᠲᠣᠭᠲᠠᠭᠠᠵᠤ᠂ ᠮᠠᠯ ᠪᠡᠯᠴᠢᠭᠡᠷ ᠤᠨ ᠬᠥᠳᠡᠯᠦᠩᠭᠦᠶ ᠲᠡᠩᠴᠡᠭᠦᠷᠢ ᠶᠢ ᠦᠨᠡᠨᠬᠦ ᠪᠠᠳᠤᠯᠠᠨ᠎ᠠ᠃    ︵ᠭᠤᠷᠪᠠ︶ ᠤᠯᠠᠷᠢᠯ ᠤᠨ ᠴᠢᠨᠠᠷᠲᠠᠶ ᠪᠡᠯᠴᠢᠭᠡᠷᠯᠡᠭᠦᠯᠬᠦ ᠶᠢ ᠵᠣᠭᠰᠣᠭᠠᠬᠤ᠄ ᠵᠢᠯ ᠪᠦᠷᠢ ᠶᠢᠨ 4 ᠳ᠋ᠦᠭᠡᠷ ᠰᠠᠷ᠎ᠠ ᠶᠢᠨ 5 ᠤ ᠡᠳᠦᠷ ᠠᠴᠠ 5 ᠳ᠋ᠤᠭᠠᠷ ᠰᠠᠷ᠎ᠠ ᠶᠢᠨ 20 ᠤ ᠡᠳᠦᠷ ᠪᠣᠯᠲᠠᠯᠠᠬᠢ ᠬᠤᠭᠤᠴᠠᠭ᠎ᠠ ᠶᠢ ᠮᠠᠨ ᠤ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭ᠎ᠠ ᠪᠤᠯᠭᠠᠬᠤ ᠠᠴᠠ ᠡᠨᠡ ᠬᠤᠭᠤᠴᠠᠭ᠎ᠠ ᠨᠢ ᠪᠡᠯᠴᠢᠭᠡᠷᠯᠡᠭᠦᠯᠬᠦ ᠶᠢ ᠰᠡᠷᠭᠦᠭᠡᠬᠦ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠪᠥᠬᠦ ᠣᠷᠣᠨ ᠢᠶᠠᠷ ᠢᠶᠠᠨ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠨ᠎ᠠ᠃     ᠬᠤᠶᠠᠷ᠂ ᠠᠵᠢᠯ ᠤᠨ ᠱᠠᠭᠠᠷᠳᠠᠯᠭ᠎ᠠ    ︵ᠨᠢᠭᠡ︶ ᠡᠯ᠎ᠡ ᠰᠢᠶᠠᠩ ᠪᠠᠯᠭᠠᠰᠤ ︵ᠡᠮᠦᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ︶ ᠶᠢᠨ ᠠᠷᠠᠳ ᠤᠨ ᠵᠠᠰᠠᠭ ᠤᠨ ᠣᠷᠳᠣᠨ ᠨᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠠᠮᠢ ᠠᠬᠤᠢ ᠶᠢ ᠠᠶᠠᠨᠳᠠᠭᠠᠨ ᠰᠡᠷᠭᠦᠭᠡᠬᠦ ᠴᠢᠬᠤᠯᠠ ᠠᠷᠭ᠎ᠠ ᠬᠡᠮᠵᠢᠶ᠎ᠡ ᠪᠣᠯᠭᠠᠨ ᠦᠨᠡᠨᠬᠦ ᠠᠳᠬᠤᠵᠤ᠂ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠤᠢ ᠰᠢᠭᠤᠢ ᠶᠢᠨ ᠬᠠᠮᠠᠭᠠᠯᠠᠭᠴᠢ᠂ ᠡᠪᠡᠰᠦ ᠪᠡᠯᠴᠢᠭᠡᠷ ᠤᠨ ᠬᠠᠮᠢᠶᠠᠷᠤᠭᠴᠢ ᠶᠢᠨ ᠬᠠᠮᠢᠶᠠᠷᠴᠤ ᠬᠠᠮᠠᠭᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠬᠠᠮᠢᠶᠠᠷᠴᠤ ᠬᠠᠮᠠᠭᠠᠯᠠᠬᠤ ᠰᠢᠰᠲ᠋ᠧᠮ ᠢ ᠪᠦᠷᠢᠯᠳᠦᠭᠦᠯᠦᠨ᠎ᠡ᠃    ︵ᠬᠤᠶᠠᠷ︶ ᠡᠯ᠎ᠡ ᠰᠢᠶᠠᠩ ᠪᠠᠯᠭᠠᠰᠤ ︵ᠡᠮᠦᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ︶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠨᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠠᠶᠢᠩᠭᠤᠵᠢᠭᠤᠯᠤᠭᠰᠠᠨ ᠲᠣᠭᠤᠷᠢᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ᠂ ᠡᠳᠦᠷ ᠲᠤᠲᠤᠮ ᠤᠨ ᠬᠢᠨᠠᠨ ᠬᠠᠮᠢᠶᠠᠷᠬᠤ ᠤᠬᠠᠭᠤᠯᠤᠨ ᠬᠥᠮᠦᠵᠢᠭᠦᠯᠬᠦ ᠶᠢ ᠦᠨᠡᠨᠬᠦ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠬᠠᠮᠢᠶ᠎ᠠ ᠪᠥᠬᠦᠶ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠬᠤᠷᠢᠭᠯᠠᠬᠤ ᠪᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠭᠤᠷᠪᠠ︶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠩᠱᠠᠨ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠥᠪ ᠵᠡᠷᠭᠡ ᠬᠠᠮᠢᠶ᠎ᠠ ᠪᠥᠬᠦᠶ ᠨᠢᠭᠡᠴᠡ ᠨᠦᠭᠦᠳ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠢᠳᠡᠪᠬᠢᠲᠡᠶ ᠪᠠᠷ ᠬᠠᠮᠵᠢᠯᠴᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃    ︵ᠳᠥᠷᠪᠡ︶ ᠲᠣᠰ ᠵᠠᠷᠯᠠᠯ ᠤᠨ ᠠᠭᠤᠯᠭ᠎ᠠ ᠶᠢᠨ ᠱᠠᠭᠠᠷᠳᠠᠯᠭ᠎ᠠ ᠠᠴᠠ ᠵᠥᠷᠢᠴᠡᠨ ᠲᠣᠭᠲᠠᠭᠠᠯ ᠠᠴᠠ ᠵᠥᠷᠢᠴᠡᠨ ᠮᠠᠯ ᠮᠠᠯᠵᠢᠵᠤ ᠪᠠᠶᠢᠭ᠎ᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ  ᠴᠠᠭᠠᠵᠠᠯᠠᠨ ᠵᠣᠭᠰᠣᠭᠠᠬᠤ ᠲᠦᠷᠢᠮ︾ ᠤᠨ ᠭᠤᠴᠢᠨ ᠲᠠᠪᠤᠳᠤᠭᠠᠷ ᠵᠦᠢᠯ ᠢ ᠦᠨᠳᠦᠰᠦᠯᠡᠨ᠄ ᠬᠢᠨᠠᠨ ᠲᠣᠭᠲᠠᠭᠠᠭᠰᠠᠨ ᠪᠡᠯᠴᠢᠭᠡᠷᠯᠡᠭᠦᠯᠬᠦ ᠳᠤ ᠳᠣᠭᠢᠷᠠᠬᠤ ᠬᠡᠮᠵᠢᠶ᠎ᠡ ᠠᠴᠠ ᠬᠡᠲᠦᠷᠡᠭᠦᠯᠦᠨ ᠮᠠᠯ ᠮᠠᠯᠵᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠳᠠᠭᠠᠭᠠᠴᠠ ᠠᠴᠠ ᠬᠡᠲᠦᠷᠡᠭᠰᠡᠨ ᠬᠤᠨᠢᠨ ᠤ ᠨᠢᠭᠡᠴᠢ ᠪᠦᠷᠢ ᠶᠢ 100 ᠲᠥᠭᠦᠷᠢᠭ ᠢᠶᠠᠷ ᠲᠣᠷᠭᠠᠬᠤ ᠪᠠᠷ ᠰᠢᠢᠳᠭᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠣᠷᠣᠨ ᠪᠤᠶᠤ ᠪᠡᠯᠴᠢᠭᠡᠷᠯᠡᠭᠦᠯᠬᠦ ᠶᠢ ᠵᠣᠭᠰᠣᠭᠠᠭᠰᠠᠨ ᠬᠤᠭᠤᠴᠠᠭᠠᠨ ᠳᠤ ᠮᠠᠯ ᠬᠠᠷᠢᠭᠤᠯᠤᠭᠰᠠᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠠᠴᠠ ᠵᠥᠷᠢᠴᠡᠨ ᠬᠤᠨᠢ ᠬᠠᠷᠢᠭᠤᠯᠬᠤ ᠨᠢᠭᠡᠴᠡ ᠨᠢᠭᠡᠪᠦᠷᠢ ᠶᠢ120 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ ᠵᠤᠯᠵᠠᠭ᠎ᠠ ᠮᠣᠳᠣᠨ ᠤ ᠭᠠᠵᠠᠷ ᠲᠤ ᠲᠦᠯᠡᠭᠡ ᠬᠠᠳᠤᠵᠤ᠂ ᠵᠤᠯᠵᠠᠭ᠎ᠠ ᠮᠣᠳᠣ ᠶᠢ ᠰᠦᠢᠳᠬᠡᠵᠦ᠂ ᠮᠡᠯ ᠬᠠᠷᠢᠭᠤᠯᠤᠭᠰᠠᠨ ᠠᠴᠠ ᠪᠤᠯᠵᠦ ᠤᠢ ᠮᠣᠳᠣ ᠶᠢ ᠰᠦᠢᠳᠬᠡᠭᠰᠡᠨ ᠪᠠᠶᠢᠪᠠᠯ᠂ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠲᠡᠯᠡᠠ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠬᠢᠷᠠᠭᠤᠯᠤᠭᠰᠠᠨ ᠮᠣᠳᠣᠨ ᠤ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠲᠣᠭᠠᠨ ᠤ ᠮᠣᠳᠣ ᠨᠥᠬᠦᠵᠦ ᠳᠠᠷᠢᠭᠤᠯᠬᠤ ᠬᠤᠭᠤᠴᠠᠭ᠎ᠠ ᠶᠢ ᠬᠤᠭᠤᠴᠠᠭ᠎ᠠ ᠲᠣᠭᠲᠠᠭᠠᠨ ᠤᠤᠯ ᠭᠠᠵᠠᠷ ᠲᠤᠨᠢ ᠪᠤᠶᠤ ᠣᠨᠳᠣᠣ ᠭᠠᠵᠠᠷ ᠲᠤ ᠨᠥᠬᠦᠵᠦ ᠳᠠᠷᠢᠭᠤᠯᠤᠨ᠎ᠠ᠃    ︵ᠲᠠᠪᠤ︶ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠡᠪᠴᠢᠬᠦ ᠪᠤᠶᠤ ᠬᠠᠷᠰᠢᠯᠠᠭᠰᠠᠨ᠂ ᠵᠣᠷᠢᠭᠤᠳᠠ ᠦ ᠡᠷᠢᠵᠦ ᠬᠡᠷᠡᠭ ᠡᠳᠦᠭᠰᠡᠨ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠳ ᠢ ᠬᠠᠷᠢᠶᠠᠵᠤ ᠵᠣᠳᠣᠭᠰᠠᠨ ᠮᠠᠯᠴᠢᠳ ᠪᠤᠶᠤ ᠪᠤᠰᠤᠳ ᠬᠥᠮᠦᠰ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠨ ᠲᠣᠷᠭᠠᠬᠤ ᠬᠠᠤᠯᠢ︾ ᠶᠢᠨ ᠶᠣᠰᠣᠭᠠᠷ ᠴᠢᠩᠭ᠎ᠠ ᠰᠢᠢᠳᠪᠦᠷᠢᠯᠡᠨ᠎ᠡ᠂ ᠥᠢᠯᠡ ᠪᠠᠶᠢᠳᠠᠯ ᠨᠢ ᠬᠦᠨᠳᠦ ᠨᠣᠴᠢᠲᠠᠶ᠂ ᠶᠠᠯ᠎ᠠ ᠳᠤ ᠬᠥᠷᠥᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠶᠢ ᠨᠢ ᠨᠡᠬᠡᠮᠵᠢᠯᠡᠨ᠎ᠡ᠃     ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠲᠥᠷᠥ ᠶᠢᠨ ᠪᠤᠳᠤᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠰᠢᠶᠠᠩ ᠪᠠᠯᠭᠠᠰᠤ ︵ᠡᠮᠦᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ︶ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠡᠭᠦᠷᠭᠡ ᠴᠢᠳᠠᠮᠵᠢᠳᠤ ᠰᠠᠯᠠᠭ᠎ᠠ ᠮᠥᠴᠢᠷ ᠤᠳ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠵᠣᠭᠰᠣᠭᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠬᠠᠮᠵᠢᠯᠴᠠᠭᠤᠯᠤᠨ᠂ ᠥᠷᠭᠡᠨ ᠣᠯᠠᠨ ᠲᠦᠮᠡᠨ ᠤ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠮᠠᠭᠠᠯᠠᠬᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠡᠷᠡᠭᠵᠢᠭᠦᠯᠵᠦ᠂ ᠣᠶ ᠰᠢᠭᠤᠶ ᠡᠪᠡᠰᠦᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠤᠨ᠎ᠠ᠃      ︵ᠬᠤᠶᠠᠷ︶ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠪᠣᠯᠤᠨ ᠬᠤᠪᠢ ᠬᠥᠮᠦᠨ ᠴᠥᠮ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠳᠡᠮᠵᠢᠬᠦ ᠳᠤ ᠢᠳᠡᠪᠬᠢᠲᠡᠶ ᠣᠷᠣᠯᠴᠠᠵᠤ᠂ ᠳᠡᠭᠡᠷ᠎ᠡ ᠳᠤᠷᠠᠳᠤᠭᠰᠠᠨ ᠵᠠᠷᠯᠠᠯ ᠢ ᠵᠥᠷᠢᠴᠡᠭᠰᠡᠨ ᠥᠢᠯᠡ ᠠᠵᠢᠯᠯᠠᠭ᠎ᠠ ᠳᠤ ᠬᠢᠨᠠᠯᠲᠠ ᠲᠠᠯᠪᠢᠬᠤ᠂ ᠢᠯᠡᠴᠢᠯᠡᠨ ᠮᠡᠳᠡᠭᠦᠯᠬᠦ ᠡᠷᠬᠡ ᠲᠠᠢ᠃    ᠢᠯᠡᠴᠢᠯᠡᠨ ᠮᠡᠳᠡᠭᠦᠯᠬᠦ ᠤᠲᠠᠰᠤ᠄    ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ 0474 — 3212506    ᠵᠢᠤᠢ ᠪᠦᠦ ᠵᠤᠸᠠᠩ ᠪᠠᠯᠭᠠᠰᠤ᠄ 0474 — 3263105    ᠯᠦᠩ ᠱᠧᠩ ᠵᠤᠸᠠᠩ ᠪᠠᠯᠭᠠᠰᠤ᠄ 0474 — 3501218    ᠰᠠᠨ ᠢ ᠴᠢᠤᠸᠠᠨ ᠪᠠᠯᠭᠠᠰᠤ᠄ 0474 — 3422305    ᠬᠤᠩ ᠱᠠ ᠪᠠ ᠪᠠᠯᠭᠠᠰᠤ᠄ 0474 — 3536204    ᠾᠧᠢ ᠲᠤ ᠲᠠᠢ ᠪᠠᠯᠭᠠᠰᠤ᠄ 0474 — 3421008    ᠭᠤᠸᠠᠨ ᠳᠦᠨ ᠪᠦ᠋ ᠰᠢᠶᠠᠩ᠄ 0474 — 3214004    ᠬᠤᠨ ᠶᠤᠸᠠᠨ ᠶᠣᠣ ᠰᠢᠶᠠᠩ᠄ 0474 — 3441529    ᠶᠤᠸᠠᠨ ᠱᠠᠨ ᠽᠢ ᠰᠢᠶᠠᠩ᠄ 0474 — 3451001   ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ᠄ 0474-3215050 ᠬᠤᠩᠱᠠᠨ ᠣᠶ ᠰᠢᠭᠤᠶ ᠶᠢᠨ ᠦᠢᠯᠡᠰ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ᠄ 13734728024    ᠲᠦᠷᠪᠡ᠂ ᠳᠠᠭᠠᠯᠳᠤᠭᠤᠯᠤᠭᠰᠠᠨ ᠲᠦᠷᠢᠮ    ︵ᠨᠢᠭᠡ︶ ᠲᠤᠰ ᠵᠠᠷᠯᠠᠯ ᠢ ᠬᠤᠳᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃    ︵ᠬᠤᠶᠠᠷ︶ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠤᠤᠯ ᠤᠨ ᠲᠣᠭᠲᠠᠭᠠᠯ ᠨᠢ ᠲᠤᠰ ᠵᠠᠷᠯᠠᠯ ᠲᠠᠢ ᠨᠢᠭᠡᠳᠦᠯ ᠦᠭᠡᠢ ᠪᠠᠶᠢᠪᠠᠯ᠂ ᠲᠤᠰ ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃                           2025 ᠣᠨ ᠤ 3 ᠰᠠᠷ᠎ᠠ ᠶᠢᠨ 18        ᠤᠷᠴᠢᠭᠤᠯᠤᠬᠴᠢ᠄ ᠬᠠᠨ ᠰᠢᠶᠤᠤ ᠿᠦᠩ    ᠬᠢᠨᠠᠬᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3