| 3 ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠬᠤᠩ᠂ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠯᠢ ᠱᠦᠨ ᠢ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠨᠢᠭᠡᠳᠦᠭᠡᠷ ᠨᠠᠮ ᠤᠨ ᠡᠭᠦᠷ ᠲᠤ ᠪᠠᠶᠢᠵᠤ᠂ | ᠡᠩ ᠤᠨ ᠨᠠᠮ ᠤᠨ ᠭᠡᠰᠢᠭᠦᠨ ᠤ ᠬᠤᠪᠢ ᠪᠠᠷ ᠦᠪᠡᠷ ᠤᠨ ᠪᠠᠶᠢᠭ᠎ᠠ ᠨᠠᠮ ᠤᠨ ᠡᠭᠦᠷ ᠤᠨ 2024 ᠣᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠤᠷᠤᠯᠴᠠᠪᠠ᠃ | | ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ | ᠠᠰᠠᠭᠤᠳᠠᠯ ᠢ ᠪᠠᠶᠢᠴᠠᠭᠠᠨ ᠵᠠᠳᠠᠯᠵᠤ᠂ ᠨᠠᠮ ᠤᠨ ᠡᠭᠦᠷ ᠤᠨ ᠡᠯ᠎ᠡ ᠭᠡᠰᠢᠭᠦᠳ ᠪᠣᠳᠠᠲᠠᠢ ᠲᠠᠢ ᠤᠶᠠᠯᠳᠤᠭᠤᠯᠤᠨ ᠬᠤᠪᠢ | ᠬᠥᠮᠥᠨ ᠤ ᠬᠠᠷᠢᠴᠠᠭᠤᠯᠤᠯ ᠪᠠᠶᠢᠴᠠᠭᠠᠯᠲᠠ ᠬᠢᠭᠰᠡᠨ ᠪᠥᠭᠡᠳ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠦᠷᠨᠢᠭᠦᠯᠪᠡ᠃ | | ᠵᠠᠩ ᠬᠤᠩ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠨᠢ ᠤᠯᠤᠰ ᠲᠦᠷᠦ ᠶᠢᠨ | ᠪᠠᠶᠢᠭᠤᠯᠭ᠎ᠠ᠂ ᠡᠷᠬᠡᠲᠦ ᠪᠠᠶᠢᠭᠤᠯᠭ᠎ᠠ᠂ ᠠᠵᠢᠯ ᠤᠨ ᠪᠠᠶᠢᠭᠤᠯᠭ᠎ᠠ᠂ ᠲᠥᠯᠥᠭᠡᠯᠡᠬᠦ ᠪᠠᠶᠢᠭᠤᠯᠭ᠎ᠠ ᠪᠣᠯᠤᠭᠰᠠᠨ ᠤ | ᠬᠤᠪᠢ ᠳᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ | ᠪᠣᠯᠭᠠᠬᠤ ᠬᠡᠷᠡᠭᠲᠡᠢ︔ ᠢᠮᠠᠭᠲᠠ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠬᠤ ᠶᠢ ᠪᠠᠲᠤᠯᠠᠵᠤ᠂ ︽ᠬᠤᠶᠠᠷ ᠢ ᠲᠣᠭᠲᠠᠭᠠᠬᠤ︾ ᠶᠢ ᠭᠦᠨᠵᠡᠭᠡᠢ ᠣᠶᠢᠯᠠᠭᠠᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ︔ ᠪᠠᠶᠢᠭᠤᠯᠭ᠎ᠠ ᠶᠢᠨ ᠨᠠᠮ ᠤᠨ ᠡᠭᠦᠷ ᠤᠨ ᠬᠢᠨ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠷᠭᠦᠯᠵᠢ ᠪᠠᠷᠢᠮᠵᠢᠶ᠎ᠠ ᠲᠠᠢ ᠬᠠᠷᠭᠤᠭᠤᠯᠤᠨ ᠢᠯᠡᠳᠬᠡᠵᠦ᠂ | ᠤᠬᠠᠮᠰᠠᠷ ᠠᠴᠠ ᠪᠠᠨ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠵᠥᠷᠢᠶ᠎ᠡ ᠪᠠᠨ ᠡᠷᠢᠵᠦ᠂ ︽ᠦᠨᠡᠨᠬᠦ ᠰᠤᠷᠤᠯᠴᠠᠬᠤ︾ | ᠶᠢ ᠪᠠᠷᠢᠮᠲᠠᠯᠠᠬᠤ ᠳᠡᠭᠡᠷ᠎ᠡ ᠬᠦᠴᠦ ᠲᠠᠯᠪᠢᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ︔ ᠠᠵᠢᠯ ᠤᠨ ᠪᠠᠷᠢᠮᠵᠢᠶ᠎ᠠ ᠶᠢᠨ | ᠲᠠᠯ᠎ᠠ ᠪᠠᠷ ᠵᠥᠷᠢᠶ᠎ᠡ ᠪᠠᠨ ᠡᠷᠢᠵᠦ᠂ ︽ᠴᠢᠳᠠᠮᠠᠭᠠᠢ ᠪᠠᠷ ᠠᠵᠢᠯᠯᠠᠬᠤ︾ ᠶᠢ ᠪᠠᠷᠢᠮᠲᠠᠯᠠᠬᠤ ᠳᠡᠭᠡᠷ᠎ᠡ ᠬᠦᠴᠦ ᠲᠠᠯᠪᠢᠵᠤ᠂ | ᠠᠵᠢᠯ ᠤᠨ ᠠᠷᠭ᠎ᠠ ᠪᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠢ︔ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠵᠥᠷᠢᠶ᠎ᠡ ᠪᠠᠨ ᠡᠷᠢᠵᠦ᠂ ︽ᠴᠢᠩᠭ᠎ᠠ | ᠱᠠᠭᠠᠷᠳᠠᠯᠭ᠎ᠠ︾ ᠶᠢ ᠪᠠᠷᠢᠮᠲᠠᠯᠠᠨ ᠪᠡᠶᠡᠯᠡᠭᠦᠯᠬᠦ ᠳᠡᠭᠡᠷ᠎ᠡ ᠬᠦᠴᠦ ᠲᠠᠯᠪᠢᠵᠤ᠂ ᠰᠠᠬᠢᠯᠭ᠎ᠠ ᠪᠠᠲᠤ ᠶᠣᠰᠣ ᠳᠦᠷᠢᠮ ᠢ | ᠲᠡᠷᠢᠭᠦᠨ ᠳᠤ ᠲᠠᠯᠪᠢᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠠᠬᠢᠭᠤᠯᠵᠤ᠂ ᠤᠳᠠᠯ ᠦᠭᠡᠢ ᠪᠦᠬᠦ | ᠨᠠᠮ ᠤᠨ ᠬᠡᠪᠴᠢᠶᠡᠨ ᠳᠤ ᠥᠷᠨᠢᠭᠦᠯᠬᠦ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠳᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠪᠡ᠃ | ᠬᠤᠷᠠᠯ ᠠᠴᠠ ᠪᠠᠰᠠ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠳᠤ ᠠᠷᠠᠳᠴᠢᠯᠠᠯ ᠢᠶᠠᠷ ᠦᠨᠡᠯᠡᠯᠲᠡ ᠬᠢᠪᠡ᠃ | | | | ᠵᠣᠬᠢᠶᠠᠭᠴᠢ᠄ ᠭᠦᠸᠧ ᠬᠤᠶ ᠮᠢᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |