| ᠪᠥᠬᠦ ᠬᠤᠲᠠ ᠶᠢᠨ ᠨᠠᠮ ᠤᠨ ᠭᠡᠰᠢᠭᠦᠨ᠂ ᠺᠠᠳ᠋ᠷ ᠪᠠ ᠠᠯᠪᠠᠨ ᠲᠤᠰᠢᠶᠠᠯᠲᠠᠨ ᠳᠤ᠄ | ︽ᠬᠡᠪ ᠰᠤᠷᠲᠠᠯ ᠳᠡᠭᠡᠳᠦ ᠱᠠᠲᠤᠨ ᠠᠴᠠ ᠪᠦᠷᠢᠯᠳᠦᠵᠦ᠂ ᠲᠤᠤᠷᠠᠳᠦ ᠱᠠᠲᠤᠨ ᠳᠤ ᠳᠠᠳᠮᠠᠭᠠᠢ︾᠃ ᠨᠠᠮ ᠤᠨ | ᠭᠡᠰᠢᠭᠦᠨ᠂ ᠺᠠᠳ᠋ᠷ ᠪᠠ ᠠᠯᠪᠠᠨ ᠲᠤᠰᠢᠶᠠᠯᠲᠠᠨ ᠤ ᠬᠡᠪ ᠰᠤᠷᠲᠠᠯ ᠨᠢ ᠨᠡᠶᠢᠭᠡᠮ ᠤᠨ ᠬᠡᠪ ᠰᠤᠷᠲᠠᠯ ᠳᠤ ︽ᠳᠡᠭᠡᠷᠡᠬᠢ ᠨᠢ | ᠬᠡᠷᠬᠢᠨ ᠬᠢᠪᠡᠯ ᠳᠣᠣᠷᠠᠬᠢ ᠨᠢ ᠳᠠᠭᠤᠷᠢᠶᠠᠬᠤ︾ ᠦᠯᠢᠭᠡᠷ ᠳᠠᠭᠤᠷᠢᠶᠠᠯ ᠪᠣᠯᠬᠤ ᠦᠢᠯᠡᠳᠦᠯ ᠲᠠᠢ ᠪᠠᠶᠢᠳᠠᠭ᠃ ᠨᠠᠮ ᠤᠨ | ᠭᠡᠰᠢᠭᠦᠨ᠂ ᠺᠠᠳ᠋ᠷ ᠪᠣᠯᠤᠨ ᠠᠯᠪᠠᠨ ᠲᠤᠰᠢᠶᠠᠯᠲᠠᠨ ᠡᠭᠡᠯ ᠪᠣᠷᠣᠭᠵᠢᠭᠤᠨ ᠠᠷᠪᠢᠯᠠᠨ ᠭᠠᠮᠨᠠᠬᠤ ᠶᠢ ᠡᠷᠬᠢᠮᠯᠡᠵᠦ᠂ ᠱᠠᠯᠢᠨ | ᠪᠦᠷᠢᠯᠭᠡᠬᠦ ᠶᠢ ᠲᠡᠪᠴᠢᠪᠡᠯ ᠳᠠᠷᠤᠢ ᠪᠣᠳᠠᠲᠠᠢ ᠶᠢ ᠡᠷᠬᠢᠮᠯᠡᠨ ᠠᠷᠪᠢᠯᠠᠨ ᠭᠠᠮᠨᠠᠬᠤ ᠰᠤᠷᠲᠠᠯ ᠢ ᠬᠦᠳᠦᠯᠦᠨ ᠵᠢᠯᠣᠭᠤᠳᠴᠤ | ᠴᠢᠳᠠᠨ᠎ᠠ︔ ᠨᠠᠮ ᠤᠨ ᠭᠡᠰᠢᠭᠦᠨ᠂ ᠺᠠᠳ᠋ᠷ ᠪᠣᠯᠤᠨ ᠠᠯᠪᠠᠨ ᠲᠤᠰᠢᠶᠠᠯᠲᠠᠨ ᠪᠤᠯᠬᠢ ᠳᠠᠳᠬᠠᠯ ᠬᠠᠭᠤᠴᠢᠨ | ᠳᠠᠳᠬᠠᠯ ᠢᠶᠠᠨ ᠢᠳᠡᠪᠬᠢᠲᠡᠢ ᠲᠠᠶᠠᠭᠳᠠᠵᠤ᠂ ᠰᠢᠨ᠎ᠡ ᠬᠡᠪ ᠰᠤᠷᠲᠠᠯ ᠶᠣᠰᠣ ᠵᠢᠷᠤᠮ ᠢ ᠦᠢᠯᠡᠳᠦᠯᠭᠡᠵᠢᠭᠦᠯᠪᠡᠯ᠂ | ᠪᠣᠯᠪᠠᠰᠤᠨ ᠰᠢᠨ᠎ᠡ ᠬᠡᠪ ᠰᠤᠷᠲᠠᠯ ᠢ ᠬᠦᠳᠦᠯᠦᠨ ᠳᠠᠭᠠᠭᠤᠯᠵᠤ ᠴᠢᠳᠠᠨ᠎ᠠ᠃ ᠪᠦᠬᠦ ᠬᠤᠲᠠ ᠶᠢᠨ ᠵᠠᠩ ᠳᠠᠳᠬᠠᠯ ᠢ | ᠥᠭᠡᠷᠡᠴᠢᠯᠡᠬᠦ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ | ᠨᠠᠮ ᠤᠨ ᠭᠡᠰᠢᠭᠦᠨ᠂ ᠺᠠᠳ᠋ᠷ ᠪᠣᠯᠤᠨ ᠠᠯᠪᠠᠨ ᠲᠤᠰᠢᠶᠠᠯᠲᠠᠨ ᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠵᠠᠩ ᠳᠠᠳᠬᠠᠯ ᠢ ᠥᠭᠡᠷᠡᠴᠢᠯᠡᠬᠦ ᠦᠢᠯᠡᠳᠦᠯᠭᠡᠵᠢᠭᠦᠯᠦᠭᠴᠢ᠂ ᠬᠦᠳᠦᠯᠦᠨ | ᠳᠠᠭᠠᠭᠤᠯᠤᠭᠴᠢ᠂ ᠤᠬᠠᠭᠤᠯᠤᠭᠴᠢ ᠪᠤᠯᠵᠤ᠂ ᠵᠥᠪ ᠤᠳᠤᠷᠢᠳᠤᠮᠵᠢ ᠪᠣᠯᠤᠨ ᠦᠢᠯᠡ ᠠᠵᠢᠯᠯᠠᠭ᠎ᠠ ᠶᠢᠨ ᠵᠢᠱᠢᠶ᠎ᠡ | ᠦᠵᠡᠭᠦᠯᠬᠦ ᠪᠠᠷ ᠥᠷᠭᠡᠨ ᠤᠯᠠᠨ ᠲᠦᠮᠡᠨ ᠤ ᠦᠵᠡᠯᠲᠡ ᠶᠢ ᠬᠤᠪᠢᠷᠠᠭᠤᠯᠬᠤ᠂ ᠬᠠᠭᠤᠴᠢᠨ ᠳᠠᠳᠬᠠᠯ ᠢ ᠡᠪᠳᠡᠬᠦ᠂ | ᠰᠢᠨ᠎ᠡ ᠰᠤᠷᠲᠠᠯ ᠢ ᠪᠤᠢ ᠪᠣᠯᠭᠠᠬᠤ ᠶᠢ ᠲᠠᠶᠢᠴᠢᠯᠠᠵᠦ᠂ ᠡᠳᠦᠭᠡ ᠪᠦᠬᠦ ᠬᠤᠳᠠ ᠶᠢᠨ ᠨᠠᠮ ᠤᠨ ᠭᠡᠰᠢᠭᠦᠨ᠂ ᠺᠠᠳ᠋ᠷ | ᠪᠣᠯᠤᠨ ᠠᠯᠪᠠᠨ ᠲᠤᠰᠢᠶᠠᠯᠲᠠᠨ ᠳᠤ ᠳᠣᠣᠷᠠᠬᠢ ᠮᠡᠲᠦ ᠰᠠᠨᠠᠭᠠᠴᠢᠯᠠᠶ᠎ᠠ᠄ | ᠨᠢᠭᠡ᠂ ᠤᠷᠤᠭ ᠤᠨ ᠶᠠᠪᠤᠳᠠᠯ ᠢ ᠰᠢᠨ᠎ᠡ ᠪᠠᠷ ᠡᠷᠬᠢᠯᠡᠵᠤ᠂ ᠠᠷᠪᠢᠯᠠᠨ ᠭᠠᠮᠨᠠᠬᠤ ᠶᠢ ᠡᠷᠬᠢᠮᠯᠡᠬᠦ ᠶᠢ ᠪᠡᠶ᠎ᠡ ᠪᠠᠷ ᠢᠶᠠᠨ | ᠲᠦᠷᠦᠭᠦᠯᠡᠨ ᠪᠡᠶᠡᠯᠡᠭᠦᠯᠬᠦ ᠬᠡᠷᠡᠭᠲᠡᠶ᠃ ᠬᠤᠷᠢᠮ ᠤᠨ ᠶᠣᠰᠣᠯᠠᠯ ᠤᠨ ᠰᠢᠨ᠎ᠡ ᠦᠵᠡᠯᠲᠡ ᠶᠢ ᠢᠳᠡᠪᠬᠢᠲᠡᠶ ᠪᠠᠷ | ᠪᠤᠶᠢᠵᠢᠭᠤᠯᠤᠨ᠂ ᠥᠨᠳᠥᠷ ᠦᠨ᠎ᠡ ᠲᠠᠢ ᠪᠡᠯᠡᠭ ᠢ ᠤᠬᠠᠮᠰᠠᠷ ᠠᠴᠠ ᠪᠠᠨ ᠡᠰᠡᠷᠭᠦᠴᠡᠵᠦ᠂ ᠯᠠᠷᠵᠠ ᠶᠠᠩᠪᠠ ᠲᠠᠲᠠᠬᠤ | ᠦᠭᠡᠢ᠂ ᠨᠡᠷᠡᠯᠬᠡᠭ ᠵᠠᠩ ᠢ ᠬᠥᠭᠡᠭᠡᠴᠡᠯᠳᠦᠬᠦ ᠦᠭᠡᠢ᠂ ᠯᠠᠷᠵᠠ ᠶᠠᠩᠪᠠ ᠶᠢ ᠠᠳᠠᠯᠢᠳᠬᠠᠬᠤ ᠦᠭᠡᠢ᠂ | ᠲᠣᠭᠲᠠᠭᠠᠯ ᠠᠴᠠ ᠵᠥᠷᠢᠴᠡᠭᠰᠡᠨ ᠪᠠ ᠴᠢᠳᠠᠪᠤᠷᠢ ᠶᠢᠨ ᠬᠡᠪᠴᠢᠶᠡᠨ ᠠᠴᠠ ᠳᠠᠪᠠᠭᠰᠠᠨ ᠬᠤᠷᠢᠮ ᠤᠨ ᠶᠣᠰᠣᠯᠠᠯ ᠬᠢᠬᠦ | ᠦᠭᠡᠶ᠂ ᠬᠤᠷᠢᠮ ᠤᠨ ᠲᠡᠷᠭᠡ ᠶᠢᠨ ᠬᠡᠯᠬᠢᠶ᠎ᠡ ᠬᠡᠯᠬᠢᠶ᠎ᠡ ᠨᠢ ᠵᠠᠮ ᠬᠠᠷᠢᠯᠴᠠᠭ᠎ᠠ ᠶᠢ ᠨᠥᠯᠥᠭᠡᠯᠡᠬᠦ᠂ ᠫᠤᠤᠵᠢᠩ ᠵᠡᠷᠭᠡ ᠪᠠᠷ | ᠳᠤᠤᠭᠠᠷᠴᠤ ᠣᠷᠴᠢᠨ ᠲᠣᠭᠤᠷᠢᠨ ᠢ ᠪᠣᠬᠢᠷᠲᠤᠭᠤᠯᠬᠤ ᠶᠢ ᠤᠬᠠᠮᠰᠠᠷ ᠠᠴᠠ ᠪᠠᠨ ᠬᠤᠷᠢᠭᠯᠠᠵᠤ᠂ ᠤᠷᠢᠯᠭ᠎ᠠ ᠶᠢᠨ | ᠪᠢᠴᠢᠭ ᠢ ᠳᠤᠷ᠎ᠠ ᠪᠠᠷ ᠢᠶᠠᠨ ᠲᠠᠷᠬᠠᠭᠠᠨ ᠳᠠᠷᠤᠭᠠᠰᠤ ᠶᠢ ᠨᠡᠮᠡᠭᠳᠡᠭᠦᠯᠵᠦ᠂ ᠳᠠᠶᠢᠯᠠᠯᠭ᠎ᠠ ᠶᠢ ᠶᠡᠭᠡ ᠪᠠᠷ ᠬᠢᠵᠦ ᠪᠦᠷᠢᠯᠭᠡᠨ | ᠰᠦᠢᠳᠬᠡᠬᠦ ᠶᠢ ᠬᠤᠷᠢᠭᠯᠠᠵᠤ᠂ ᠪᠤᠯᠬᠢ ᠪᠦᠳᠦᠭᠦᠯᠢᠭ ᠪᠢᠯᠳᠠᠤᠴᠢ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ | ᠬᠠᠮᠲᠤ ᠶᠢᠨ ᠬᠤᠷᠢᠮ᠂ ᠮᠣᠳᠣ ᠲᠠᠷᠢᠬᠤ ᠬᠤᠷᠢᠮ᠂ ᠵᠤᠭᠠᠴᠠᠨ ᠬᠤᠷᠢᠮᠯᠠᠬᠤ ᠵᠡᠷᠭᠡ ᠰᠢᠨ᠎ᠡ ᠮᠠᠶ᠋ᠢᠭ ᠤᠨ ᠬᠤᠷᠢᠮ ᠤᠨ | ᠶᠣᠰᠣᠯᠠᠯ ᠢ ᠰᠠᠨᠠᠭᠠᠴᠢᠯᠠᠵᠤ᠂ ᠪᠠᠶᠠᠷ ᠬᠦᠷᠭᠡᠵᠦ ᠪᠠᠶᠠᠷᠯᠠᠨ ᠪᠡᠯᠭᠡᠯᠡᠬᠦ ᠳᠤ ᠬᠡᠮᠵᠢᠶ᠎ᠡ ᠲᠣᠮᠵᠢᠶ᠎ᠠ ᠲᠠᠢ᠂ ᠶᠣᠰᠣᠯᠠᠯ ᠢ | ᠡᠷᠬᠢᠮᠯᠡᠵᠦ ᠶᠠᠪᠤᠯᠴᠠᠭ᠎ᠠ ᠶᠢ ᠪᠠᠷᠢᠮᠵᠢᠶ᠎ᠠ ᠲᠠᠢ ᠪᠠᠶᠢᠯᠭᠠᠵᠤ᠂ ᠶᠣᠰᠣ ᠤᠴᠢᠷ ᠢ ᠦᠵᠡᠵᠦ ᠬᠠᠤᠯᠢ ᠰᠠᠬᠢᠯᠭ᠎ᠠ ᠶᠢ | ᠡᠷᠬᠢᠮᠯᠡᠬᠦ ᠶᠢ ᠪᠡᠶᠡᠯᠡᠭᠦᠯᠬᠦ ᠬᠡᠷᠡᠭᠲᠡᠢ᠃ | ᠬᠤᠶᠠᠷ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠬᠢᠵᠦ᠂ ᠬᠦᠨᠳᠦ ᠪᠠᠷ ᠰᠤᠪᠢᠯᠠᠵᠤ ᠪᠠᠭ᠎ᠠ | ᠣᠷᠣᠰᠢᠭᠤᠯᠬᠤ ᠶᠢ ᠲᠦᠷᠦᠭᠦᠯᠡᠨ ᠪᠡᠶᠡᠯᠡᠭᠦᠯᠬᠦ ᠬᠡᠷᠡᠭᠲᠡᠶ᠃ ᠨᠠᠰᠤᠲᠠᠨ ᠢᠶᠠᠨ ᠠᠴᠢᠯᠠᠵᠤ ᠨᠠᠰᠤᠲᠠᠨ ᠢᠶᠠᠨ ᠬᠦᠨᠳᠦᠯᠡᠬᠦ᠂ | ᠵᠤᠵᠠᠭᠠᠨ ᠠᠰᠠᠷᠠᠵᠤ ᠪᠠᠭ᠎ᠠ ᠣᠷᠣᠰᠢᠭᠤᠯᠬᠤ ᠰᠠᠶᠢᠨ ᠬᠡᠪ ᠰᠤᠷᠲᠠᠯ ᠢ ᠤᠯᠠᠮᠵᠢᠯᠠᠨ ᠵᠠᠯᠭᠠᠮᠵᠢᠯᠠᠵᠤ᠂ ᠠᠮᠢᠳᠤ | ᠰᠡᠷᠡᠭᠦᠨ ᠪᠠᠶᠢᠬᠤ ᠳᠠᠭᠠᠨ ᠨᠠᠰᠤᠲᠠᠨ ᠢᠶᠠᠨ ᠢᠯᠡᠭᠦᠬᠡᠨ ᠬᠠᠶᠢᠷᠠᠯᠠᠨ ᠬᠠᠯᠠᠮᠵᠢᠯᠠᠵᠤ᠂ ᠦᠷᠭᠦᠯᠵᠢ ᠭᠡᠷ ᠲᠡᠭᠡᠨ ᠬᠠᠷᠢᠵᠤ | ᠦᠵᠡᠨ᠂ ᠨᠠᠰᠤᠲᠠᠨ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠵᠢᠷᠭᠠᠯ ᠲᠠᠢ ᠪᠠᠶᠢᠯᠭᠠᠵᠤ᠂ ᠥᠲᠡᠯᠦᠭᠡ | ᠨᠠᠰᠤ ᠪᠠᠨ ᠠᠮᠤᠷ ᠵᠢᠮᠦᠷ ᠥᠩᠭᠡᠷᠡᠭᠦᠯᠦᠨ᠎ᠡ︔ ᠲᠥᠷᠥᠯ ᠰᠠᠳᠤᠨ ᠨᠢ ᠨᠠᠰᠤ ᠪᠠᠷᠠᠬᠤ ᠦᠶ᠎ᠡ ᠳᠤ ᠣᠷᠣᠰᠢᠭᠤᠯᠭ᠎ᠠ ᠶᠢᠨ | ᠶᠠᠪᠤᠳᠠᠯ ᠢ ᠳᠥᠭᠦᠮᠴᠢᠯᠡᠨ᠂ ᠣᠷᠣᠰᠢᠭᠤᠯᠭ᠎ᠠ ᠶᠢ ᠪᠣᠯᠪᠠᠰᠤᠨ ᠢᠶᠠᠷ ᠵᠠᠰᠠᠵᠤ᠂ ᠣᠷᠣᠰᠢᠭᠤᠯᠭ᠎ᠠ ᠶᠢᠨ ᠬᠠᠮᠢᠶᠠᠷᠤᠯᠲᠠ ᠶᠢ | ᠳᠠᠭᠠᠵᠤ᠂ ᠴᠢᠨᠳᠠᠷ ᠤᠨ ᠲᠢᠩᠭᠢᠮ ᠳᠤ ᠳᠤᠷ᠎ᠠ ᠪᠠᠷ ᠢᠶᠠᠨ ᠰᠠᠭᠤᠬᠤ ᠦᠭᠡᠶ᠂ ᠵᠡᠭᠡᠯᠢ ᠳᠠᠭᠠᠤ ᠪᠡᠯᠪᠡᠰᠦᠷᠡᠯ ᠬᠢᠬᠦ ᠦᠭᠡᠶ᠂ | ᠴᠠᠭᠠᠰᠤᠨ ᠵᠣᠭᠤᠰ ᠢ ᠳᠤᠷ᠎ᠠ ᠪᠠᠷ ᠢᠶᠠᠨ ᠰᠢᠲᠠᠭᠠᠬᠤ ᠦᠭᠡᠶ᠂ ᠫᠤᠤᠵᠢᠩ ᠢ ᠳᠤᠷ᠎ᠠ ᠪᠠᠷ ᠢᠶᠠᠨ ᠰᠢᠲᠠᠭᠠᠬᠤ ᠦᠭᠡᠶ᠃ | ᠬᠡᠶᠢᠲᠦ ᠪᠥᠮᠪᠦᠭᠡ ᠶᠢᠨ ᠭᠤᠯᠳᠤᠩ ᠡᠭᠦᠳᠡ ᠶᠢ ᠡᠯᠭᠦᠬᠦ ᠦᠭᠡᠶ᠂ ᠹᠸᠤᠳᠠᠯ ᠤᠨ ᠮᠤᠬᠤᠷ ᠰᠦᠰᠦᠭ ᠢ ᠰᠢᠲᠦᠬᠦ ᠦᠭᠡᠶ᠂ | ᠬᠡᠭᠡᠨᠴᠢᠷ ᠪᠤᠯᠠᠰᠢ ᠪᠠᠷᠢᠬᠤ ᠦᠭᠡᠶ᠂ ᠠᠮᠢ ᠠᠬᠤᠶ ᠶᠢᠨ ᠣᠷᠣᠰᠢᠭᠤᠯᠭ᠎ᠠ ᠬᠢᠬᠦ ᠶᠢ ᠰᠠᠨᠠᠭᠠᠴᠢᠯᠠᠨ᠎ᠠ᠄ ᠬᠠᠩᠰᠢ ᠶᠢᠨ | ᠦᠶ᠎ᠡ ᠪᠠᠷ ᠳᠡᠭᠡᠳᠦᠰ ᠢᠶᠠᠨ ᠳᠠᠭᠢᠵᠤ᠂ ᠣᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ᠂ ᠭᠦᠨ ᠵᠣᠭᠤᠰ | ᠰᠢᠲᠠᠭᠠᠬᠤ ᠦᠭᠡᠶ᠂ ᠫᠤᠤᠵᠢᠩ ᠲᠠᠯᠪᠢᠬᠤ ᠦᠭᠡᠶ᠂ ᠠᠭᠤᠯᠠᠨ ᠣᠷᠣᠶ᠂ ᠣᠶᠢᠲᠤ ᠭᠠᠵᠠᠷ᠂ ᠨᠡᠶᠢᠲᠡ ᠶᠢᠨ | ᠣᠩᠭᠤᠨ ᠳᠤ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠭᠡᠶ᠃ ᠰᠦᠯᠵᠢᠶᠡᠨ ᠳᠡᠭᠡᠷ᠎ᠡ ᠳᠠᠬᠢᠯᠭ᠎ᠠ ᠬᠢᠬᠦ᠂ | ᠰᠣᠷᠭᠤᠭ ᠴᠡᠴᠡᠭ ᠬᠦᠷᠭᠡᠬᠦ᠂ ᠮᠣᠳᠣ ᠲᠠᠷᠢᠬᠤ᠂ ᠭᠡᠷ ᠪᠦᠯᠢ ᠶᠢᠨ ᠳᠤᠷᠠᠰᠬᠠᠯ ᠤᠨ ᠬᠤᠷᠠᠯ ᠵᠡᠷᠭᠡ ᠪᠣᠯᠪᠠᠰᠤᠨ ᠢᠶᠠᠷ | ᠳᠠᠬᠢᠯᠭ᠎ᠠ ᠬᠢᠬᠦ ᠠᠵᠢᠯᠯᠠᠭ᠎ᠠ ᠶᠢ ᠰᠠᠨᠠᠭᠠᠴᠢᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ | ᠪᠣᠯᠪᠠᠰᠤᠨ ᠢᠶᠠᠷ ᠠᠷᠪᠢᠯᠠᠨ ᠭᠠᠮᠨᠠᠬᠤ ᠬᠡᠯᠪᠡᠷᠢ ᠪᠠᠷ ᠭᠠᠰᠢᠭᠤᠳᠠᠯ ᠢᠶᠠᠨ ᠢᠯᠡᠳᠬᠡᠨ᠎ᠡ᠃ | ᠭᠤᠷᠪᠠ᠂ ᠪᠠᠶᠠᠷᠲᠤ ᠶᠠᠪᠤᠳᠠᠯ ᠢ ᠬᠢᠬᠦ ᠦᠭᠡᠢ ᠪᠠᠶᠢᠬᠤ ᠶᠢ ᠲᠦᠷᠦᠭᠦᠯᠡᠨ ᠪᠡᠶᠡᠯᠡᠭᠦᠯᠵᠦ᠂ ᠰᠢᠨ᠎ᠡ ᠬᠡᠪ ᠰᠤᠷᠲᠠᠯ ᠢ | ᠪᠤᠢ ᠪᠣᠯᠭᠠᠬᠤ ᠬᠡᠷᠡᠭᠲᠡᠢ᠃ ᠡᠷᠡᠭᠦᠯ ᠪᠥᠭᠡᠳ ᠠᠷᠪᠢᠴᠢ ᠭᠠᠮᠲᠠᠶ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ | ᠬᠡᠦᠬᠡᠳ ᠠᠪᠬᠤ᠂ ᠰᠤᠷᠭᠠᠭᠤᠯᠢ ᠳᠤ ᠳᠡᠪᠰᠢᠬᠦ᠂ ᠴᠡᠷᠢᠭ ᠲᠤ ᠣᠷᠣᠬᠤ᠂ ᠲᠦᠷᠦᠭᠰᠡᠨ ᠡᠳᠦᠷ ᠤᠨ ᠪᠠᠶᠠᠷ᠂ ᠵᠡᠷᠭᠡ | ᠳᠡᠪᠰᠢᠬᠦ᠂ ᠨᠡᠭᠦᠬᠦ ᠵᠡᠷᠭᠡ ᠪᠠᠶᠠᠷ ᠤᠨ ᠶᠠᠪᠤᠳᠠᠯ ᠢ ᠴᠥᠮ ᠬᠢᠬᠦ ᠦᠭᠡᠢ ᠪᠠᠶᠢᠬᠤ ᠶᠢ ᠡᠷᠬᠢᠮᠯᠡᠨ᠎ᠡ᠃ ᠵᠣᠴᠢᠨ ᠳᠠᠶᠢᠯᠠᠬᠤ | ᠥᠬᠡᠶ᠂ ᠪᠡᠯᠡᠭ ᠬᠦᠷᠭᠡᠬᠦ ᠥᠬᠡᠶ᠂ ᠪᠡᠯᠡᠭ ᠬᠤᠷᠢᠶᠠᠬᠤ ᠥᠬᠡᠶ ᠪᠠᠶᠢᠬᠤ ᠶᠢ ᠪᠡᠶᠡᠯᠡᠭᠦᠯᠵᠦ᠂ ᠨᠢᠭᠡ ᠪᠠᠭᠴᠠ ᠰᠣᠷᠭᠤᠭ | ᠴᠡᠴᠡᠭ᠂ ᠨᠢᠭᠡ ᠣᠬᠤᠷ ᠴᠢᠮᠡᠭᠡ᠂ ᠨᠢᠭᠡ ᠴᠣᠮᠣ ᠬᠠᠷ᠎ᠠ ᠴᠠᠶ᠂ ᠨᠢᠭᠡ ᠮᠡᠨᠳᠦᠴᠢᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠪᠠᠶᠠᠷ ᠤᠨ ᠰᠠᠨᠠᠭ᠎ᠠ ᠪᠠᠨ ᠢᠯᠡᠳᠬᠡᠬᠦ ᠶᠢ ᠵᠣᠷᠢᠭᠵᠢᠭᠤᠯᠤᠨ᠂ ᠤᠷᠢᠯᠭ᠎ᠠ ᠶᠢᠨ ᠪᠢᠴᠢᠭ ᠢ | ᠳᠤᠷ᠎ᠠ ᠪᠠᠷ ᠢᠶᠠᠨ ᠲᠠᠷᠬᠠᠭᠠᠬᠤ᠂ ᠪᠡᠯᠡᠭ ᠤᠨ ᠮᠥᠩᠭᠦ ᠭᠥᠯᠢᠶᠡᠨ ᠠᠪᠬᠤ᠂ ᠬᠤᠷᠢᠮ ᠨᠠᠶᠢᠷ ᠪᠠᠵᠠᠭᠠᠬᠤ᠂ ᠪᠦᠷᠢᠯᠭᠡᠨ | ᠰᠦᠢᠳᠭᠡᠭᠦ ᠶᠢ ᠲᠠᠰᠤ ᠵᠣᠭᠰᠣᠭᠠᠵᠤ᠂ ᠰᠣᠬᠤᠷ ᠪᠠᠯᠠᠶ ᠪᠠᠷ ᠳᠠᠭᠠᠵᠤ ᠠᠲᠠᠭᠠᠷᠬᠠᠨ ᠠᠳᠠᠯᠢᠳᠬᠠᠬᠤ᠂ ᠶᠣᠰᠣ ᠮᠣᠷᠠᠯ ᠢ | ᠡᠷᠬᠢᠮᠯᠡᠬᠦ᠂ ᠡᠷᠡᠭᠦᠯ ᠪᠥᠭᠡᠳ ᠠᠷᠪᠢᠴᠢ ᠭᠠᠮᠲᠠᠶ᠂ ᠪᠣᠯᠪᠠᠰᠤᠨ ᠪᠥᠭᠡᠳ ᠡᠶ᠎ᠡ ᠵᠣᠬᠢᠴᠠᠯ ᠲᠠᠢ ᠨᠡᠶᠢᠭᠡᠮ ᠤᠨ ᠰᠢᠨ᠎ᠡ | ᠬᠡᠪ ᠰᠤᠷᠲᠠᠯ ᠢ ᠰᠠᠨᠠᠭᠠᠴᠢᠯᠠᠨ᠎ᠠ᠃ | ᠲᠦᠷᠪᠡ᠂ ᠰᠠᠶᠢᠨ ᠶᠠᠪᠤᠳᠠᠯ ᠢ ᠤᠯᠠᠨ ᠬᠢᠵᠦ᠂ ᠪᠡᠶ᠎ᠡ ᠪᠠᠨ ᠵᠠᠰᠠᠵᠤ ᠮᠣᠷᠠᠯ ᠢᠶᠠᠨ ᠰᠠᠶᠢᠵᠢᠷᠠᠭᠤᠯᠬᠤ ᠶᠢ | ᠲᠦᠷᠦᠭᠦᠯᠡᠨ ᠪᠡᠶᠡᠯᠡᠭᠦᠯᠬᠦ ᠬᠡᠷᠡᠭᠲᠡᠶ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠬᠦ᠂ ᠬᠥᠭᠦᠷᠭᠡ ᠵᠠᠰᠠᠵᠤ | ᠵᠠᠮ ᠳᠡᠪᠢᠰᠬᠦ᠂ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ᠂ ᠣᠷᠴᠢᠨ ᠠᠬᠤᠶ ᠶᠢ ᠬᠠᠮᠠᠭᠠᠯᠠᠬᠤ᠂ | ᠪᠤᠰᠤᠳ ᠢ ᠬᠠᠯᠠᠮᠵᠢᠯᠠᠨ ᠬᠠᠶᠢᠷᠠᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠨᠡᠶᠢᠲᠡ ᠶᠢᠨ | ᠠᠰᠠᠷᠠᠮᠵᠢ ᠶᠢᠨ ᠦᠢᠯᠡᠰ ᠲᠤ ᠢᠳᠡᠪᠬᠢᠲᠡᠶ ᠣᠷᠣᠯᠴᠠᠵᠤ᠂ ᠡᠷᠡᠭᠦᠯ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ | ᠬᠥᠮᠦᠵᠢᠭᠦᠯᠦᠨ᠎ᠡ︔ ᠬᠠᠤᠯᠢ ᠴᠠᠭᠠᠵᠠ ᠬᠠᠤᠯᠢ ᠲᠣᠭᠲᠠᠭᠠᠯ ᠪᠠ ᠨᠡᠶᠢᠭᠡᠮ ᠨᠡᠶᠢᠲᠡ ᠶᠢᠨ ᠶᠣᠰᠣ ᠮᠣᠷᠠᠯ ᠢ | ᠵᠢᠱᠢᠶᠡᠴᠢ ᠪᠠᠷ ᠵᠢᠷᠤᠮᠯᠠᠨ ᠰᠠᠬᠢᠵᠤ᠂ ᠪᠣᠯᠪᠠᠰᠤᠨ ᠢᠶᠠᠷ ᠬᠤᠭᠤᠯᠠ ᠢᠳᠡᠵᠦ ᠪᠣᠯᠪᠠᠰᠤᠨ ᠢᠶᠠᠷ ᠰᠦᠯᠵᠢᠶᠡᠨ ᠳᠤ | ᠭᠠᠷᠬᠤ᠂ ᠪᠣᠯᠪᠠᠰᠤᠨ ᠢᠶᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ᠂ ᠪᠣᠯᠪᠠᠰᠤᠨ ᠢᠶᠠᠷ ᠶᠠᠪᠤᠵᠤ ᠰᠠᠭᠤᠬᠤ ᠶᠢ | ᠪᠡᠶᠡᠯᠡᠭᠦᠯᠵᠦ᠂ ᠠᠷᠢᠬᠢᠨ ᠰᠢᠷᠡᠭᠡ ᠫᠠᠶᠢᠰᠠ ᠰᠢᠷᠡᠭᠡᠨ ᠠᠴᠠ ᠤᠬᠠᠮᠰᠠᠷ ᠠᠴᠠ ᠪᠠᠨ ᠬᠤᠯᠠᠳᠠᠵᠤ᠂ ᠱᠠᠯᠢᠭ ᠵᠠᠪᠬᠠᠶ | ᠵᠦᠢᠯ ᠬᠤᠣᠷᠲᠤ ᠡᠳ᠋ ᠵᠣᠭᠤᠰ ᠨᠠᠭᠠᠳᠬᠤ ᠳᠤ ᠬᠤᠯᠪᠣᠭᠳᠠᠬᠤ ᠶᠢ ᠴᠢᠩᠭ᠎ᠠ ᠴᠠᠭᠠᠵᠠᠯᠠᠵᠤ᠂ ᠹᠸᠤᠳᠠᠯ ᠤᠨ ᠡᠯ᠎ᠡ | ᠵᠦᠢᠯ ᠤᠨ ᠮᠤᠬᠤᠷ ᠪᠢᠰᠢᠷᠡᠯ ᠤᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ︔ ᠤᠯᠠᠮᠵᠢᠯᠠᠯᠲᠤ ᠠᠷᠠᠳ ᠤᠨ ᠵᠠᠩ | ᠦᠢᠯᠡ ᠶᠢᠨ ᠪᠠᠶᠠᠷ ᠳᠤᠷᠠᠰᠬᠠᠯ ᠤᠨ ᠬᠤᠭᠤᠴᠠᠭᠠᠨ ᠳᠤ ᠳᠠᠶᠢᠯᠠᠯᠭ᠎ᠠ ᠬᠢᠬᠦ ᠦᠭᠡᠶ᠂ ᠬᠤᠸᠠᠷ ᠫᠤᠤᠵᠢᠩ ᠲᠠᠯᠪᠢᠬᠤ | ᠦᠭᠡᠶ᠂ ᠪᠦᠷᠢᠯᠭᠡᠨ ᠰᠦᠢᠳᠬᠡᠬᠦ ᠶᠢ ᠲᠠᠰᠤ ᠵᠣᠭᠰᠣᠭᠠᠵᠤ᠂ ᠪᠣᠯᠪᠠᠰᠤᠨ ᠪᠠᠶᠠᠷ ᠳᠤᠷᠠᠰᠬᠠᠯ ᠤᠨ ᠡᠳᠦᠷ ᠢ | ᠰᠠᠨᠠᠭᠠᠴᠢᠯᠠᠨ᠎ᠠ᠃ ᠰᠠᠨᠠᠭᠠᠴᠢᠯᠠᠭ᠎ᠠ ᠠᠴᠠ ᠪᠠᠨ ᠭᠡᠷ ᠤᠨ ᠰᠤᠷᠭᠠᠯ ᠢ ᠤᠯᠠᠮᠵᠢᠯᠠᠵᠤ᠂ ᠭᠡᠷ ᠤᠨ ᠶᠣᠰᠣ ᠲᠦᠷᠢᠮ ᠢ | ᠲᠣᠭᠲᠠᠭᠠᠵᠤ᠂ ᠭᠡᠷ ᠤᠨ ᠰᠤᠷᠲᠠᠯ ᠢ ᠪᠠᠳᠠᠷᠠᠭᠤᠯᠵᠤ᠂ ᠦᠷ᠎ᠡ ᠬᠡᠦᠬᠡᠳ ᠢᠶᠠᠨ ᠠᠵᠢᠯᠴᠢ ᠠᠷᠪᠢᠴᠢ ᠪᠠᠷ ᠠᠷᠪᠢᠯᠠᠨ | ᠭᠠᠮᠨᠠᠬᠤ᠂ ᠨᠠᠰᠤᠲᠠᠨ ᠢᠶᠠᠨ ᠠᠴᠢᠯᠠᠨ ᠬᠦᠨᠳᠦᠯᠡᠬᠦ ᠶᠢ ᠬᠥᠮᠦᠵᠢᠭᠦᠯᠵᠦ᠂ ᠦᠷ᠎ᠡ ᠬᠡᠦᠬᠡᠳ ᠢᠶᠠᠨ ᠵᠥᠪ ᠵᠠᠮ ᠢᠶᠠᠷ | ᠶᠠᠪᠤᠬᠤ᠂ ᠶᠣᠰᠣ ᠲᠦᠷᠢᠮ ᠢ ᠡᠷᠬᠢᠮᠯᠡᠬᠦ ᠶᠢ ᠬᠥᠮᠦᠵᠢᠭᠦᠯᠵᠦ᠂ ᠪᠣᠯᠪᠠᠰᠤᠨ ᠡᠶ᠎ᠡ ᠵᠣᠬᠢᠴᠠᠩᠭᠤᠢ ᠭᠡᠷ ᠪᠦᠯᠢ ᠶᠢᠨ | ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠲᠠᠪᠤ᠂ ᠪᠡᠶ᠎ᠡ ᠪᠠᠷ ᠢᠶᠠᠨ ᠲᠦᠷᠦᠭᠦᠯᠡᠨ ᠬᠡᠷᠡᠭᠵᠢᠭᠦᠯᠵᠦ᠂ ᠬᠡᠪ ᠰᠤᠷᠲᠠᠯ ᠢ ᠬᠦᠳᠦᠯᠦᠨ ᠳᠠᠭᠠᠭᠤᠯᠬᠤ ᠬᠡᠷᠡᠭᠲᠡᠢ᠃ | ᠨᠠᠮ ᠤᠨ ᠭᠡᠰᠢᠭᠦᠨ᠂ ᠺᠠᠳ᠋ᠷ ᠪᠣᠯᠤᠨ ᠠᠯᠪᠠᠨ ᠲᠤᠰᠢᠶᠠᠯᠲᠠᠨ ᠦᠯᠢᠭᠡᠷ ᠳᠠᠭᠤᠷᠢᠶᠠᠯ ᠪᠣᠯᠬᠤ ᠤᠬᠠᠮᠰᠠᠷ ᠢ ᠪᠤᠶ | ᠪᠣᠯᠭᠠᠵᠤ᠂ ᠵᠠᠩ ᠳᠠᠳᠬᠠᠯ ᠢ ᠥᠭᠡᠷᠡᠴᠢᠯᠡᠬᠦ ᠶᠢ ᠢᠳᠡᠪᠬᠢᠲᠡᠶ ᠰᠠᠨᠠᠭᠠᠴᠢᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ | ᠬᠢᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ | ᠬᠤᠷᠢᠮ ᠪᠡᠯᠪᠡᠰᠦᠷᠡᠯ ᠤᠨ ᠬᠠᠭᠤᠴᠢᠨ ᠶᠣᠰᠣ ᠪᠦᠳᠦᠭᠦᠯᠢᠭ ᠵᠠᠩᠰᠢᠯ ᠢ ᠤᠬᠠᠮᠰᠠᠷ ᠠᠴᠠ ᠪᠠᠨ ᠡᠰᠡᠷᠭᠦᠴᠡᠨ | ᠬᠤᠷᠢᠭᠯᠠᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠨᠠᠮ ᠤᠨ ᠰᠤᠷᠲᠠᠯ ᠢᠶᠠᠷ | ᠠᠷᠠᠳ ᠤᠨ ᠰᠤᠷᠲᠠᠯ ᠢ ᠲᠠᠶᠢᠴᠢᠯᠠᠨ᠂ ᠪᠦᠬᠦ ᠬᠤᠳᠠ ᠶᠢᠨ ᠨᠡᠶᠢᠭᠡᠮ ᠤᠨ ᠬᠡᠪ ᠰᠤᠷᠲᠠᠯ ᠢ ᠴᠡᠪᠡᠷᠰᠢᠭᠦᠯᠵᠦ᠂ ᠰᠠᠶᠢᠨ | ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠵᠤ᠂ ᠬᠥᠳᠡᠭᠡ ᠲᠣᠰᠬᠤᠨ ᠤ ᠰᠤᠷᠲᠠᠯ ᠠᠷᠠᠳ ᠤᠨ ᠰᠤᠷᠲᠠᠯ᠂ | ᠦᠵᠡᠯ ᠰᠠᠨᠠᠭ᠎ᠠ ᠶᠣᠰᠣ ᠮᠣᠷᠠᠯ᠂ ᠰᠣᠶᠣᠯ ᠪᠣᠯᠪᠠᠰᠤᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠡᠶᠡᠯᠡᠭᠦᠯᠬᠦ | ᠬᠡᠷᠡᠭᠲᠡᠶ᠃ ᠵᠠᠩ ᠳᠠᠳᠬᠠᠯ ᠢ ᠥᠭᠡᠷᠡᠴᠢᠯᠡᠬᠦ ᠠᠵᠢᠯ ᠢ ᠰᠠᠨᠠᠭᠠᠴᠢᠯᠠᠭ᠎ᠠ ᠠᠴᠠ ᠪᠠᠨ ᠤᠬᠠᠭᠤᠯᠤᠭᠴᠢ ᠪᠣᠯᠵᠤ᠂ | ᠪᠡᠶ᠎ᠡ ᠠᠴᠠ ᠪᠠᠨ ᠡᠬᠢᠯᠡᠨ ᠬᠢᠵᠦ᠂ ᠲᠥᠷᠥᠯ ᠰᠠᠳᠤᠨ ᠨᠠᠶᠢᠵᠠ ᠨᠥᠬᠦᠳ ᠵᠢᠴᠢ ᠠᠵᠢᠯᠲᠠᠳ ᠢᠶᠠᠨ ᠬᠥᠮᠦᠵᠢᠭᠦᠯᠦᠨ | ᠳᠠᠶᠢᠴᠢᠯᠠᠵᠤ ᠪᠠᠶᠢᠭᠠᠳ ᠮᠠᠭᠤ ᠳᠠᠳᠬᠠᠯ ᠢ ᠡᠰᠡᠷᠭᠦᠴᠡᠵᠦ᠂ ᠠᠷᠪᠢᠯᠠᠨ ᠭᠠᠮᠨᠠᠬᠤ ᠶᠢ ᠡᠷᠬᠢᠮᠯᠡᠨ᠂ ᠪᠦᠷᠢᠯᠭᠡᠨ | ᠰᠦᠢᠳᠬᠡᠬᠦ ᠶᠢ ᠡᠰᠡᠷᠭᠦᠴᠡᠨ ᠬᠤᠷᠢᠬᠯᠠᠬᠤ ᠶᠢᠨ ᠬᠠᠮᠲᠤ ᠤᠯᠠᠨ ᠲᠦᠮᠡᠨ ᠲᠠᠢ ᠬᠠᠷᠢᠯᠴᠠᠬᠤ ᠴᠠᠭ ᠲᠣᠬᠢᠶᠠᠯ ᠢ | ᠰᠠᠶᠢᠲᠤᠷ ᠠᠰᠢᠭᠯᠠᠵᠤ᠂ ᠤᠯᠠᠨ ᠲᠦᠮᠡᠨ ᠳᠤ ᠳᠡᠭᠡᠳᠦ ᠱᠠᠲᠤᠨ ᠤ ᠵᠠᠩ ᠳᠠᠳᠬᠠᠯ ᠢ ᠥᠭᠡᠷᠡᠴᠢᠯᠡᠬᠦ ᠲᠦᠷᠦ ᠶᠢᠨ | ᠪᠤᠳᠤᠯᠭ᠎ᠠ ᠶᠢᠨ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠨ ᠰᠠᠶᠢᠲᠤᠷ ᠲᠠᠶᠢᠯᠪᠤᠷᠢᠯᠠᠵᠤ᠂ ᠵᠠᠩ ᠳᠠᠳᠬᠠᠯ ᠢ | ᠥᠭᠡᠷᠡᠴᠢᠯᠡᠭᠰᠡᠨ ᠠᠴᠠ ᠪᠣᠯᠤᠭᠰᠠᠨ ᠡᠯ᠎ᠡ ᠵᠦᠢᠯ ᠤᠨ ᠠᠰᠢᠭ ᠲᠤᠰᠠ ᠶᠢ ᠰᠠᠶᠢᠲᠤᠷ ᠤᠬᠠᠭᠤᠯᠵᠤ᠂ ᠲᠦᠷᠦᠯ ᠰᠠᠳᠤᠨ | ᠰᠠᠶᠢᠨ ᠨᠠᠶᠢᠵᠠ ᠨᠠᠷ ᠢᠶᠠᠨ ᠲᠠᠶᠢᠴᠢᠯᠠᠨ ᠤᠷᠤᠭ ᠤᠨ ᠶᠠᠪᠤᠳᠠᠯ ᠢ ᠰᠢᠨ᠎ᠡ ᠪᠠᠷ ᠬᠢᠬᠦ᠂ ᠪᠡᠯᠪᠡᠰᠦᠷᠡᠯ ᠤᠨ ᠶᠠᠪᠤᠳᠠᠯ ᠢ | ᠳᠥᠭᠦᠮᠴᠢᠯᠡᠬᠦ᠂ ᠬᠤᠪᠢᠯᠭᠠᠨ ᠶᠠᠪᠤᠳᠠᠯ ᠢ ᠦᠯᠦ ᠬᠢᠬᠦ᠂ ᠤᠬᠠᠮᠰᠠᠷ ᠠᠴᠠ ᠪᠠᠨ ᠲᠣᠰᠬᠤᠨ ᠤ ᠲᠦᠷᠢᠮ ᠠᠷᠠᠳ ᠤᠨ | ᠭᠡᠷ᠎ᠡ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠶᠢ ᠵᠢᠷᠤᠮᠯᠠᠭᠤᠯᠬᠤ ᠬᠡᠷᠡᠭᠲᠡᠢ᠃ | ᠪᠣᠯᠪᠠᠰᠤᠨ ᠰᠢᠨ᠎ᠡ ᠬᠡᠪ ᠰᠤᠷᠲᠠᠯ᠂ ᠪᠦᠬᠦ ᠠᠷᠠᠳ ᠢᠶᠠᠷ ᠢᠶᠠᠨ ᠬᠠᠮᠲᠤᠪᠠᠷ ᠪᠤᠶᠢᠵᠢᠭᠤᠯᠵᠤ᠂ ᠵᠣᠯ ᠵᠢᠷᠭᠠᠯᠲᠤ | ᠠᠮᠢᠳᠤᠷᠠᠯ ᠢ ᠪᠦᠬᠦ ᠠᠷᠠᠳ ᠢᠶᠠᠷ ᠢᠶᠠᠨ ᠬᠠᠮᠲᠤᠪᠠᠷ ᠡᠳ᠋ᠯᠡᠨ᠎ᠡ᠃ ᠪᠦᠬᠦ ᠬᠤᠲᠠ ᠶᠢᠨ ᠥᠷᠭᠡᠨ ᠣᠯᠠᠨ ᠨᠠᠮ ᠤᠨ | ᠭᠡᠰᠢᠭᠦᠨ᠂ ᠺᠠᠳ᠋ᠷ ᠪᠣᠯᠤᠨ ᠠᠯᠪᠠᠨ ᠲᠤᠰᠢᠶᠠᠯᠲᠠᠨ ᠢᠳᠡᠪᠬᠢᠲᠡᠶ ᠪᠠᠷ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ | ᠡᠬᠢᠯᠡᠨ ᠬᠢᠵᠦ᠂ ᠤᠳᠤ ᠠᠴᠠ ᠡᠬᠢᠯᠡᠨ ᠬᠢᠵᠦ᠂ ᠪᠣᠯᠪᠠᠰᠤᠨ ᠢᠶᠠᠷ ᠠᠷᠪᠢᠯᠠᠨ ᠭᠠᠮᠨᠠᠬᠤ ᠪᠠᠷ ᠢᠷᠠᠭᠤ ᠠᠯᠳᠠᠷ ᠢᠶᠠᠨ | ᠪᠣᠯᠭᠠᠵᠤ᠂ ᠶᠡᠭᠡ ᠪᠠᠷ ᠬᠢᠵᠦ ᠶᠡᠭᠡ ᠪᠠᠷ ᠬᠢᠬᠦ ᠶᠢ ᠢᠴᠢᠭᠦᠷᠢ ᠭᠤᠲᠤᠮᠰᠢᠭ ᠢᠶᠠᠷ ᠦᠵᠡᠵᠦ᠂ ᠬᠠᠲᠠᠭᠤᠵᠢᠯᠲᠠᠶ | ᠪᠣᠷᠣᠭᠵᠢᠭᠤᠨ ᠪᠠᠶᠢᠬᠤ ᠪᠠᠷ ᠢᠷᠠᠭᠤ ᠠᠯᠳᠠᠷ ᠢᠶᠠᠨ ᠪᠣᠯᠭᠠᠵᠤ᠂ ᠬᠡᠭᠡᠨᠴᠢᠷᠯᠡᠨ ᠪᠦᠷᠢᠯᠭᠡᠬᠦ ᠶᠢ ᠢᠴᠢᠭᠦᠷᠢ | ᠭᠤᠲᠤᠮᠰᠢᠭ ᠢᠶᠠᠷ ᠦᠵᠡᠵᠦ᠂ ᠶᠡᠭᠡ ᠪᠠᠷ ᠬᠢᠬᠦ ᠶᠢ ᠡᠰᠡᠷᠭᠦᠴᠡᠨ ᠬᠤᠷᠢᠭᠯᠠᠵᠤ᠂ ᠠᠵᠢᠯᠴᠢ ᠠᠷᠪᠢᠴᠢ ᠪᠠᠷ ᠠᠷᠪᠢᠯᠠᠨ | ᠭᠠᠮᠨᠠᠬᠤ ᠶᠢ ᠡᠷᠬᠢᠮᠯᠡᠨ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠢᠳᠡᠪᠬᠢᠲᠡᠶ | ᠦᠢᠯᠡᠳᠦᠯᠭᠡᠵᠢᠭᠦᠯᠵᠦ᠂ ᠳᠤᠮᠳᠠᠳᠤ ᠶᠢᠨ ᠤᠯᠠᠮᠵᠢᠯᠠᠯᠲᠤ ᠰᠠᠶᠢᠨ ᠰᠠᠶᠢᠬᠠᠨ ᠶᠣᠰᠣ ᠮᠣᠷᠠᠯ ᠢ ᠪᠠᠳᠠᠷᠠᠭᠤᠯᠤᠨ᠂ | ᠬᠠᠭᠤᠴᠢᠨ ᠵᠤᠷᠰᠢᠯ ᠢ ᠡᠪᠳᠡᠵᠦ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠪᠠᠶᠠᠨ | ᠴᠢᠨᠡᠭᠡᠯᠢᠭ ᠰᠢᠨ᠎ᠡ ᠹᠧᠩᠵᠧᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠦᠵᠡᠯ ᠰᠠᠨᠠᠭᠠᠨ ᠤ | ᠪᠠᠲᠤᠯᠠᠭ᠎ᠠ ᠪᠠ ᠶᠣᠰᠣ ᠮᠣᠷᠠᠯ ᠤᠨ ᠲᠦᠰᠢᠭ ᠲᠤᠯᠭᠠᠭᠤᠷᠢ ᠬᠠᠩᠭᠠᠨ᠎ᠠ︕ | ᠹᠧᠩᠵᠧᠨ ᠬᠤᠲᠠ ᠶᠢᠨ ᠤᠶᠤᠨ ᠤ ᠪᠣᠯᠪᠠᠰᠤᠨ ᠤ ᠠᠯᠪᠠᠨ ᠭᠡᠷ | 2025 ᠣᠨ ᠤ 3 ᠰᠠᠷ᠎ᠠ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | | |