【〈 ᠵᠢᠷᠭᠤᠭᠠᠨ ᠠᠵᠢᠯᠯᠠᠭ᠎ᠠ 〉 ᠶᠢ ᠠᠬᠢᠭᠤᠯᠵᠤ ᠦᠷ᠎ᠡ ᠪᠦᠳᠦᠮᠵᠢ ᠭᠠᠷᠭᠠᠨ᠎ᠠ】
ᠨᠡᠶᠢᠲᠡᠯᠡᠭᠰᠡᠨ ᠴᠠᠭ᠄
2025/3/20
      ᠠᠵᠢᠯ ᠣᠯᠭᠤᠯᠲᠠ ᠳᠤ ︽ᠵᠢᠭᠦᠷ ᠨᠡᠮᠡᠷᠢᠯᠡᠨ︾ ᠠᠵᠢᠯ ᠮᠡᠷᠭᠡᠵᠢᠯ ᠤᠨ ᠰᠢᠨ᠎ᠡ ᠤᠳᠤᠨ ᠢ ᠭᠡᠷᠡᠯᠳᠦᠬᠦᠯᠦᠨ᠎ᠡ        —— ᠹᠧᠩᠵᠧᠨ ᠬᠤᠳᠠ ᠶᠢᠨ ᠬᠢᠨ ᠤ 2025 ᠣᠨ ᠤ ᠡᠪᠡᠳᠴᠢᠲᠡᠨ ᠢ ᠠᠰᠠᠷᠠᠬᠤ ᠪᠤᠯᠪᠠᠰᠤᠷᠠᠭᠤᠯᠤᠯ ᠤᠨ ᠠᠩᠬᠢ ᠡᠬᠢᠯᠡᠪᠡ    3 ᠰᠠᠷ᠎ᠠ ᠶᠢᠨ 18 ᠤ ᠡᠳᠦᠷ᠂ ᠮᠠᠨ ᠤ ᠬᠤᠲᠠ ᠶᠢᠨ 2025 ᠣᠨ ᠤ ᠡᠪᠡᠳᠴᠢᠲᠡᠨ ᠢ ᠠᠰᠠᠷᠠᠬᠤ ᠪᠣᠯᠪᠠᠰᠤᠷᠠᠯ ᠤᠨ ᠠᠩᠭᠢ ᠵᠢᠩᠬᠢᠨᠢ ᠪᠠᠷ ᠬᠢᠴᠢᠶᠡᠯ ᠡᠬᠢᠯᠡᠪᠡ᠃ ᠲᠣᠰ ᠤᠳᠠᠭᠠᠨ ᠤ ᠪᠤᠯᠪᠠᠰᠤᠷᠠᠭᠤᠯᠤᠯ ᠤᠨ ᠠᠩᠭᠢ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ᠂ ᠴᠢᠨᠠᠷ ᠰᠠᠶᠢᠲᠠᠶ ᠠᠵᠢᠯ ᠣᠯᠭᠤᠯᠲᠠ ᠶᠢ ᠠᠬᠢᠭᠤᠯᠬᠤ ᠪᠠᠷ ᠵᠣᠷᠢᠯᠲᠠ ᠪᠣᠯᠭᠠᠭᠰᠠᠨ ᠨᠢ ᠮᠠᠨ ᠤ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠃
   ᠪᠤᠯᠪᠠᠰᠤᠷᠠᠭᠤᠯᠤᠯ ᠤᠨ ᠠᠩᠭᠢ ᠶᠢᠨ ᠬᠢᠴᠢᠶᠡᠯ ᠤᠨ ᠠᠭᠤᠯᠭ᠎ᠠ ᠡᠯᠪᠡᠭ ᠪᠠᠶᠠᠯᠢᠭ ᠪᠥᠭᠡᠳ ᠬᠡᠷᠡᠭᠯᠡᠭᠡᠨ ᠤ ᠴᠢᠨᠠᠷ ᠢᠶᠠᠷ ᠲᠦᠢᠯ ᠤᠨ ᠶᠡᠭᠡ ᠪᠠᠶᠢᠵᠤ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ᠂ ᠠᠮᠤᠷ ᠲᠦᠪᠰᠢᠨ ᠪᠠ ᠭᠠᠯ ᠤᠨᠲᠠᠷᠠᠭᠠᠬᠤ ᠮᠡᠳᠡᠯᠭᠡ᠂ ᠤᠷᠠᠨ ᠳᠠᠷᠬᠠᠨ ᠤ ᠣᠶᠤᠨ ᠰᠠᠨᠠᠭᠠᠨ ᠤ ᠲᠠᠨᠢᠯᠲᠠ ᠵᠡᠷᠭᠡ ᠰᠠᠭᠤᠷᠢ ᠬᠢᠴᠢᠶᠡᠯ ᠲᠣᠬᠢᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠡᠪᠡᠳᠴᠢᠲᠡᠨ ᠢ ᠠᠰᠠᠷᠠᠬᠤ ᠠᠵᠢᠯ ᠤᠨ ᠪᠠᠶᠢᠷᠢ ᠶᠢᠨ ᠲᠠᠨᠢᠯᠲᠠ᠂ ᠡᠪᠡᠳᠴᠢᠨ ᠡᠮᠨᠡᠭᠦᠯᠬᠦ ᠳᠤ ᠡᠮ ᠤᠨ ᠰᠤᠪᠢᠯᠠᠯᠲᠠ᠂ ᠢᠳᠡᠵᠦ ᠤᠤᠭᠤᠬᠤ ᠬᠤᠨᠣᠵᠤ ᠬᠡᠪᠲᠡᠬᠦ ᠬᠠᠷᠠᠭᠠᠯᠵᠠᠯ᠂ ᠲᠤᠰᠬᠠᠶ ᠮᠡᠷᠭᠡᠵᠢᠯ ᠤᠨ ᠰᠤᠪᠢᠯᠠᠯᠲᠠ ᠶᠢᠨ ᠮᠡᠷᠭᠡᠵᠢᠯ ᠤᠨ ᠠᠵᠢᠯᠯᠠᠭ᠎ᠠ ᠵᠢᠴᠢ ᠪᠠᠶᠢᠩᠭᠤ ᠲᠣᠬᠢᠶᠠᠯᠳᠤᠬᠤ ᠡᠪᠡᠳᠴᠢᠲᠡᠨ ᠪᠠ ᠬᠠᠯᠳᠠᠪᠤᠷᠢᠲᠤ ᠡᠪᠡᠳᠴᠢᠨ ᠤ ᠰᠤᠪᠢᠯᠠᠯᠲᠠ ᠵᠡᠷᠭᠡ ᠲᠤᠰᠬᠠᠶ ᠮᠡᠷᠭᠡᠵᠢᠯ ᠤᠨ ᠬᠢᠴᠢᠶᠡᠯ ᠢ ᠨᠠᠷᠢᠨ ᠨᠢᠮᠪᠠᠶ ᠲᠣᠬᠢᠷᠠᠭᠤᠯᠤᠭᠰᠠᠨ ᠪᠠᠶᠢᠨ᠎ᠠ᠃ ᠬᠢᠴᠢᠶᠡᠯ ᠤᠨ ᠲᠢᠩᠭᠢᠮ ᠳᠤ᠂ ᠰᠤᠷᠤᠭᠴᠢᠳ ᠤᠨ ᠰᠤᠷᠤᠯᠴᠠᠬᠤ ᠤᠷᠮ᠎ᠠ ᠵᠣᠷᠢᠭ ᠣᠷᠭᠢᠯᠵᠤ᠂ ᠠᠩᠬᠠᠷᠤᠯ ᠢᠶᠠᠨ ᠲᠥᠪᠯᠡᠷᠡᠭᠦᠯᠦᠨ ᠶᠠᠷᠢᠬᠤ ᠶᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠮᠡᠳᠡᠯᠭᠡ ᠶᠢ ᠬᠦᠰᠡᠨ ᠡᠷᠡᠮᠡᠯᠵᠡᠵᠦ ᠪᠠᠶᠢᠬᠤ ᠪᠠ ᠡᠨᠡ ᠬᠦ ᠠᠵᠢᠯ ᠮᠡᠷᠭᠡᠵᠢᠯ ᠢ ᠬᠦᠨᠳᠦᠳᠬᠡᠵᠦ ᠪᠠᠶᠢᠬᠤ ᠪᠠᠨ ᠢᠯᠡᠷᠡᠭᠦᠯᠪᠡ᠃ ᠡᠲᠡᠭᠡᠷ ᠮᠡᠳᠡᠯᠭᠡ ᠪᠠ ᠤᠷ᠎ᠠ ᠴᠢᠳᠠᠪᠤᠷᠢ ᠶᠢ ᠡᠵᠡᠮᠰᠢᠬᠦ ᠨᠢ ᠬᠤᠪᠢ ᠬᠥᠮᠦᠨ ᠳᠤ ᠠᠵᠢᠯ ᠮᠡᠷᠭᠡᠵᠢᠯ ᠤᠨ ᠬᠥᠭᠵᠢᠯᠲᠡ ᠶᠢᠨ ᠰᠢᠨ᠎ᠡ ᠡᠭᠦᠳᠡ ᠶᠢ ᠨᠡᠭᠡᠭᠡᠵᠦ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠡᠪᠡᠳᠴᠢᠨ ᠡᠮᠭᠡᠭ ᠲᠤ ᠴᠢᠨᠠᠷ ᠰᠠᠶᠢᠲᠠᠶ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠬᠤ ᠶᠢᠨ ᠵᠠᠩᠭᠢᠯᠠᠭ᠎ᠠ ᠪᠣᠯᠤᠨ᠎ᠠ ᠭᠡᠳᠡᠭ ᠢ ᠣᠯᠠᠨ ᠢᠶᠠᠷ ᠢᠶᠠᠨ ᠭᠦᠨᠵᠡᠭᠡᠶ ᠤᠶᠢᠯᠠᠭᠠᠪᠠ᠃
   ᠰᠤᠷᠤᠯᠴᠠᠯᠭ᠎ᠠ ᠪᠣᠯᠪᠠᠰᠤᠷᠠᠭᠤᠯᠤᠯ ᠢᠶᠠᠷ ᠳᠡᠮᠵᠢᠨ᠂ ᠰᠤᠷᠤᠭᠴᠢᠳ ᠲᠤ ᠨᠢᠭᠡ ᠵᠦᠢᠯ ᠤᠨ ᠮᠡᠷᠭᠡᠵᠢᠯ ᠡᠵᠡᠮᠰᠢᠭᠦᠯᠵᠦ᠂ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠠᠵᠢᠯ ᠤᠯᠬᠤ ᠠᠷᠭ᠎ᠠ ᠵᠠᠮ ᠢ ᠨᠢ ᠥᠷᠭᠡᠳᠬᠡᠵᠦ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠪᠠᠶᠢᠭᠤᠯᠤᠮᠵᠢ ᠳᠤ ᠠᠰᠠᠷᠠᠨ ᠰᠤᠪᠢᠯᠠᠬᠤ ᠠᠵᠢᠯ ᠬᠢᠬᠦ ᠵᠠᠪᠰᠢᠶᠠᠨ ᠲᠠᠢ ᠪᠤᠯᠭᠠᠪᠠ᠃ ᠡᠨᠡ ᠨᠢ ᠬᠥᠳᠡᠯᠮᠦᠷᠢ ᠶᠢᠨ ᠬᠦᠴᠦᠨ ᠳᠤ ᠠᠵᠢᠯ ᠣᠯᠭᠤᠯᠲᠠ ᠶᠢᠨ ᠰᠢᠨ᠎ᠡ ᠵᠠᠮ ᠢ ᠨᠡᠭᠡᠭᠡᠵᠦ ᠥᠭᠭᠦᠭᠰᠡᠨ ᠢᠶᠠᠷ ᠪᠠᠷᠠᠬᠤ ᠥᠬᠡᠶ ᠪᠠᠰᠠ ᠡᠪᠡᠳᠴᠢᠲᠡᠨ ᠢ ᠰᠤᠪᠢᠯᠠᠬᠤ ᠦᠢᠯᠡᠴᠢᠯᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠹᠧᠩᠵᠧᠨ ᠬᠤᠲᠠ ᠶᠢᠨ ᠠᠷᠠᠳ ᠤᠨ ᠠᠮᠢᠳᠤᠷᠠᠯ ᠤᠨ ᠪᠠᠲᠤᠯᠠᠭ᠎ᠠ ᠬᠢᠭᠡᠳ ᠠᠵᠢᠯ ᠣᠯᠭᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠬᠦ ᠪᠣᠯᠤᠨ᠎ᠠ᠃    ᠨᠠᠶᠢᠷᠠᠭᠤᠯᠤᠭᠴᠢ᠄ ᠯᠢ ᠰᠧ ᠬᠤᠢ    ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ    ᠡᠴᠦᠰ ᠤᠨ ᠰᠢᠭᠦᠯᠲᠡ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ    ᠤᠷᠴᠢᠭᠤᠯᠤᠬᠴᠢ᠄ ᠬᠠᠨ ᠰᠢᠶᠤᠤ ᠿᠦᠩ    ᠬᠢᠨᠠᠬᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3