ᠹᠧᠩᠵᠧᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠥᠬᠦ ᠬᠤᠲᠠ ᠳᠤ ︽ᠬᠡᠷᠡᠯ ᠭᠡᠭᠡ ᠶᠢᠨ ᠠᠶᠠᠯᠠᠯ︾ ᠤᠨ ᠴᠠᠭᠠᠨ ᠬᠠᠷᠠᠩ ᠤᠨ ᠮᠡᠰᠡ ᠵᠠᠰᠠᠯ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/3/21
   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠬᠡᠷᠡᠯ ᠭᠡᠭᠡ ᠶᠢᠨ ᠠᠶᠠᠯᠠᠯ︾ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠪᠠᠶᠢᠩᠭᠤᠵᠢᠭᠤᠯᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠹᠧᠩᠵᠧᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠤᠯᠠᠭᠠᠨᠴᠠᠪ ᠤᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠭᠠᠷ ᠬᠤᠯᠪᠣᠨ᠂ ᠹᠧᠩᠵᠧᠨ ᠬᠤᠲᠠ ᠶᠢᠨ  ᠡᠮᠦᠨ᠎ᠡ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ ᠲᠠᠪᠤᠨ ᠪᠠᠲᠤᠯᠠᠭᠠᠲᠤ ᠡᠷᠦᠬᠡ ᠵᠡᠷᠭᠡ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠶᠢᠨ ᠮᠡᠰᠡ ᠵᠠᠰᠠᠯ ᠤᠨ ᠱᠠᠭᠠᠷᠳᠠᠯᠭ᠎ᠠ ᠳᠤ ᠨᠡᠶᠢᠴᠡᠭᠰᠡᠨ ᠴᠠᠭᠠᠨ ᠬᠠᠷᠠᠩ ᠤᠨ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    1. 2025 ᠣᠨ ᠤ 3 ᠰᠠᠷ᠎ᠠ  ᠶᠢᠨ 24 ᠤ ᠡᠳᠦᠷ ᠠᠴᠠ 3 ᠰᠠᠷ᠎ᠠ ᠶᠢᠨ 25 ᠤ ᠡᠳᠦᠷ ᠪᠣᠯᠲᠠᠯ᠎ᠠ ᠹᠧᠩᠵᠧᠨ ᠬᠤᠲᠠ ᠶᠢᠨ ᠡᠮᠦᠨ᠎ᠡ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠰᠢᠤᠸᠠᠢ ᠭᠠᠩ ᠱᠠᠨ︶ ᠲᠤ ᠴᠠᠭᠠᠨ ᠬᠠᠷᠠᠩ ᠤᠨ ᠮᠡᠰᠡ ᠵᠠᠰᠠᠯ ᠤᠨ ᠡᠮᠦᠨᠡᠬᠢ ᠪᠠᠶᠢᠴᠠᠭᠠᠯᠲᠠ ᠬᠢᠬᠦ ᠪᠠᠷ ᠲᠥᠯᠥᠪᠯᠡᠵᠦ ᠪᠠᠶᠢᠨ᠎ᠠ᠃    2. ᠮᠡᠰᠡ ᠵᠠᠰᠠᠯ ᠬᠢᠵᠦ ᠪᠣᠯᠬᠤ ᠡᠪᠡᠳᠴᠢᠲᠡᠨ 3 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ ᠹᠧᠩᠵᠧᠨ ᠬᠤᠲᠠ ᠶᠢᠨ ᠡᠮᠦᠨ᠎ᠡ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠰᠢᠤᠸᠠᠢ ᠭᠠᠩ ᠱᠠᠨ︶ ᠤᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶᠠᠨ ᠤ ᠰᠢᠯᠵᠢᠮᠡᠯ ᠮᠡᠰᠡ ᠵᠠᠰᠠᠯ ᠤᠨ ᠲᠡᠷᠭᠡᠨ ᠳᠡᠭᠡᠷ᠎ᠡ ᠴᠠᠭᠠᠨ ᠬᠠᠷᠠᠩ ᠤᠨ ᠬᠠᠷᠠᠭ᠎ᠠ ᠣᠷᠣᠭᠤᠯᠬᠤ ᠮᠡᠰᠡ ᠵᠠᠰᠠᠯ ᠬᠢᠬᠦ ᠪᠠᠷ ᠲᠥᠯᠥᠪᠯᠡᠵᠦ ᠪᠠᠶᠢᠨ᠎ᠠ ︵ᠪᠠᠶᠢᠴᠠᠭᠠᠯᠲᠠ ᠪᠠ ᠮᠡᠰᠡ ᠵᠠᠰᠠᠯ ᠢ ᠪᠦᠷ ᠰᠦᠢᠳᠬᠡᠯ ᠬᠤᠷᠢᠶᠠᠬᠤ ᠦᠭᠡᠢ︶᠃    3. ᠳᠣᠣᠷᠠᠬᠢ ᠮᠠᠲ᠋ᠧᠷᠢᠶᠠᠯ ᠢ ᠪᠡᠯᠡᠳᠭᠡᠭᠦ ᠴᠢᠬᠤᠯᠠ ᠲᠠᠢ᠄    ︵1︶ ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠪᠠᠭᠤᠯᠭᠠᠪᠤᠷᠢ ᠭᠤᠷᠪᠠᠨ ᠬᠠᠭᠤᠳᠠᠰᠤ︔    ︵2︶ ᠲᠤᠰ ᠬᠥᠮᠥᠨ ᠤ ᠵᠢᠯ ᠤᠨ ᠡᠮ ᠡᠮᠨᠡᠯᠭᠡ ᠶᠢᠨ ᠵᠠᠷᠤᠳᠠᠯ ᠲᠤᠰᠢᠶᠠᠭᠰᠠᠨ ᠭᠡᠷᠡᠴᠢ ᠪᠠᠷᠢᠮᠲᠠ ᠭᠤᠷᠪᠠᠨ ᠬᠠᠭᠤᠳᠠᠰᠤ︔    ︵3︶ 2 ᠢᠮᠠᠬᠤ ᠶᠢᠨ ᠬᠥᠬᠡ ᠳᠡᠪᠢᠰᠬᠡᠷ ᠲᠠᠢ ᠬᠡᠷᠡᠯ ᠵᠢᠷᠤᠭ ᠭᠤᠷᠪᠠᠨ ᠬᠠᠭᠤᠳᠠᠰᠤ︔    ︵4︶ ᠡᠷᠦᠬᠡ ᠠᠮᠠ ᠶᠢᠨ ᠳᠡᠪᠲᠡᠷ ᠤᠨ ᠡᠷᠦᠬᠡ ᠶᠢᠨ ᠡᠵᠡᠨ ᠤ ᠨᠢᠭᠤᠷ ᠪᠠ ᠲᠤᠰ ᠬᠥᠮᠥᠨ ᠤ ᠨᠢᠭᠤᠷ ᠤᠨ ᠬᠠᠭᠤᠯᠪᠤᠷᠢ ᠭᠤᠷᠪᠠᠨ ᠬᠠᠭᠤᠳᠠᠰᠤ᠃    4. ᠲᠤᠰ ᠤᠳᠠᠭᠠᠨ ᠤ ᠴᠠᠭᠠᠨ ᠬᠠᠷᠠᠩ ᠤᠨ ᠮᠡᠰᠡ ᠵᠠᠰᠠᠯ ᠳᠤ ᠴᠠᠭᠠᠨ ᠬᠠᠷᠠᠩ ᠤᠨ ᠲᠤᠰᠬᠠᠢ ᠮᠡᠷᠭᠡᠵᠢᠯᠲᠡᠨ ᠪᠡᠶ᠎ᠡ ᠪᠠᠷ ᠢᠶᠠᠨ ᠮᠡᠰᠡ ᠵᠠᠰᠠᠯ ᠬᠢᠨ᠎ᠡ᠃    5. ᠠᠰᠠᠭᠤᠨ ᠯᠠᠪᠯᠠᠬᠤ ᠤᠲᠠᠰᠤ᠄ ᠭᠤᠣ ᠹᠧᠩ ᠲᠤᠸᠠᠨ 13514841847 ︵ᠸᠢᠴᠠᠲ   ᠲᠠᠢ ᠠᠳᠠᠯᠢ ᠳ᠋ᠤᠭᠠᠷ︶᠃    ᠸᠠᠩ ᠶᠢᠨ 15848049299    ᠮᠧᠩ ᠴᠤᠤ 15540961917                      ᠹᠧᠩᠵᠧᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ                                2025 ᠣᠨ ᠤ 3 ᠰᠠᠷ᠎ᠠ ᠶᠢᠨ 19 ᠤ ᠡᠳᠦᠷ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3