︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ︾
ᠨᠡᠶᠢᠲᠡᠯᠡᠭᠰᠡᠨ ᠴᠠᠭ᠄
2025/3/21
                   ——  ᠮᠠᠨ ᠤ ᠬᠤᠳᠠ ᠶᠢᠨ ᠬᠢᠨ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠢᠨ ᠮᠡᠲᠦ ᠳᠤᠲᠤᠨᠤᠰᠤᠭ ᠪᠠᠶᠢᠵᠦ ᠢᠯᠭᠠᠷᠠᠮ᠎ᠠ ᠪᠤᠳᠤᠭ ᠢᠶᠠᠷ ᠢᠶᠠᠨ ᠤᠮᠠᠷᠠᠲᠤ ᠬᠢᠯᠢ ᠪᠠᠨ ᠮᠠᠭᠲᠠᠨ ᠤᠶᠠᠩᠭᠠᠯᠠᠶ᠎ᠠ︾ ᠭᠡᠬᠦ ᠠᠵᠢᠯᠯᠠᠭ᠎ᠠ ᠡᠷᠬᠢᠯᠡᠪᠡ    3 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ  ᠬᠢᠨ ᠲᠦᠷᠦᠭᠦᠯᠡᠭᠦᠯᠦᠨ᠂ ᠬᠤᠳᠠ ᠶᠢᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠬᠤᠷᠠᠯ᠂ᠬᠤᠳᠠ ᠶᠢᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠲᠠᠢ ᠬᠠᠮᠲᠤᠷᠠᠨ ᠡᠷᠬᠢᠯᠡᠭᠰᠡᠨ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠢᠨ ᠮᠡᠲᠦ ᠳᠤᠲᠤᠨᠤᠰᠤᠭ ᠪᠠᠶᠢᠵᠦ  ᠢᠯᠭᠠᠷᠠᠮ᠎ᠠ ᠪᠤᠳᠤᠭ ᠢᠶᠠᠷ ᠢᠶᠠᠨ ᠤᠮᠠᠷᠠᠲᠤ ᠬᠢᠯᠢ ᠪᠠᠨ ᠮᠠᠭᠲᠠᠨ ᠤᠶᠠᠩᠭᠠᠯᠠᠶ᠎ᠠ︾ ᠭᠡᠬᠦ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠠᠵᠢᠯᠯᠠᠭ᠎ᠠ ᠠᠷᠠᠳ ᠤᠨ ᠴᠡᠴᠡᠷᠯᠢᠭ ᠲᠤ ᠶᠠᠪᠤᠭᠳᠠᠪᠠ᠃
   ᠠᠵᠢᠯᠯᠠᠭ᠎ᠠ ᠨᠢ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠢᠶᠠᠷ ᠠᠴᠢᠶᠠᠯᠠᠪᠤᠷᠢ ᠪᠣᠯᠭᠠᠵᠤ᠂ ᠵᠣᠬᠢᠶᠠᠨ ᠪᠦᠲᠦᠭᠡᠵᠦ ᠰᠣᠯᠢᠯᠴᠠᠬᠤ᠂ ᠪᠦᠲᠦᠭᠡᠯ ᠢ ᠳᠡᠯᠭᠡᠨ ᠦᠵᠡᠭᠦᠯᠬᠦ᠂ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠢᠨ ᠮᠡᠲᠦ ᠳᠤᠲᠤᠨᠤᠰᠤᠭ ᠰᠡᠳᠬᠢᠯ ᠢᠶᠠᠨ ᠨᠢᠭᠡᠳᠬᠡᠵᠦ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠬᠠᠭᠤᠳᠠᠰᠤ ᠶᠢ ᠬᠠᠮᠲᠤᠪᠠᠷ ᠵᠢᠷᠤᠭᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠰᠣᠶᠣᠯ ᠤᠨ ᠠᠮᠢᠵᠢᠷᠠᠯ ᠤᠨ ᠬᠦᠴᠦᠨ ᠢ ᠨᠡᠮᠡᠷᠢᠯᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠲᠦᠮᠡᠨ ᠤ ᠠᠩᠬᠠᠷᠤᠯ ᠢ   ᠲᠠᠲᠠᠵᠤ᠂ ᠤᠷᠠᠨ ᠪᠢᠴᠢᠯᠭᠡ ᠶᠢᠨ ᠪᠠᠭᠰᠢ ᠨᠠᠷ ᠪᠢᠷ ᠪᠡᠬᠡᠰ ᠢᠶᠠᠨ ᠬᠤᠷᠤᠶᠢᠯᠠᠵᠤ᠂ ᠰᠠᠨᠠᠭ᠎ᠠ ᠰᠡᠳᠬᠢᠯ ᠢᠶᠠᠨ ᠰᠢᠭᠤᠳ ᠤᠶᠠᠩᠭᠠᠯᠠᠵᠤ᠂ ᠡᠬᠡ ᠣᠷᠣᠨ ᠪᠠ ᠨᠤᠲᠤᠭ ᠤᠰᠤᠨ ᠳᠠᠭᠠᠨ ᠬᠠᠨᠳᠤᠭᠤᠯᠤᠭᠰᠠᠨ ᠬᠠᠯᠠᠭᠤᠨ ᠬᠠᠶᠢᠷ᠎ᠠ ᠪᠠ ᠮᠠᠭᠲᠠᠭᠠᠯ ᠰᠠᠶᠢᠰᠢᠶᠠᠯ ᠢᠶᠠᠨ ᠦᠰᠦᠭ ᠮᠦᠷ ᠤᠨ ᠳᠤᠮᠳᠠ ᠠᠭᠤᠰᠬᠠᠪᠠ᠃ ᠤᠷᠠᠨ ᠵᠢᠷᠤᠭ ᠲᠤ ᠪᠠᠭ᠋ᠠᠲᠠᠢ ᠬᠥᠮᠥᠰ ᠤᠷᠠᠨ ᠨᠠᠷᠢᠯᠢᠭ ᠵᠢᠷᠤᠭ ᠤᠨ ᠪᠢᠷ ᠪᠠᠷᠢᠵᠤ᠂ ᠲᠠᠯ᠎ᠠ ᠨᠤᠲᠤᠭ ᠤᠨ ᠥᠩᠭᠡ ᠦᠵᠡᠮᠵᠢ᠂ ᠦᠨᠳᠦᠰᠦᠲᠡᠨ ᠤ ᠬᠤᠪᠴᠠᠰᠤ ᠵᠠᠰᠠᠯ᠂ ᠤᠯᠠᠮᠵᠢᠯᠠᠯᠲᠤ ᠠᠷᠠᠳ ᠤᠨ ᠵᠠᠩ ᠦᠶᠯᠡ ᠶᠢ ᠨᠠᠷᠢᠨ ᠨᠢᠮᠪᠠᠢ ᠵᠢᠷᠤᠭᠯᠠᠵᠤ᠂ ᠤᠮᠠᠷᠠᠲᠤ ᠬᠢᠯᠢ ᠶᠢᠨ ᠡᠬᠡ ᠭᠠᠵᠠᠷ ᠤᠨ ᠰᠦᠷᠯᠢᠭ ᠰᠠᠶᠢᠬᠠᠨ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠵᠢᠷᠤᠭ ᠳᠦᠷᠰᠦ ᠶᠢ ᠳᠡᠯᠭᠡᠨ ᠦᠵᠡᠭᠦᠯᠪᠡ᠃ ᠠᠵᠢᠯᠯᠠᠭ᠎ᠠ ᠶᠢᠨ ᠳᠤᠮᠳᠠ᠂ ᠤᠷᠠᠨ ᠪᠢᠴᠢᠯᠭᠡ ᠤᠷᠠᠨ ᠵᠢᠷᠤᠭ ᠤᠨ ᠪᠠᠭᠰᠢ ᠨᠠᠷ ᠲᠤᠬᠠᠢ ᠶᠢᠨ ᠲᠠᠯᠠᠪᠤᠷ ᠤᠨ ᠣᠯᠠᠨ ᠲᠦᠮᠡᠨ ᠲᠠᠢ ᠵᠣᠬᠢᠶᠠᠯ ᠪᠦᠲᠦᠭᠡᠯ ᠢ ᠰᠣᠨᠢᠷᠬᠠᠬᠤ ᠶᠢᠨ ᠳᠠᠭᠠᠤ ᠵᠣᠬᠢᠶᠠᠨ ᠪᠦᠲᠦᠭᠡᠭᠰᠡᠨ ᠣᠯᠣᠯᠲᠠ ᠲᠥᠷᠥᠭᠳᠡᠯ ᠢᠶᠠᠨ ᠰᠣᠯᠢᠯᠴᠠᠵᠤ᠂ ᠬᠠᠷᠢᠯᠴᠠᠨ ᠰᠣᠯᠢᠯᠴᠠᠵᠤ ᠬᠠᠷᠢᠯᠴᠠᠨ ᠰᠤᠷᠤᠯᠴᠠᠬᠤ ᠳᠤᠮᠳᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠲᠠᠪᠤ ᠶᠢ ᠮᠡᠳᠡᠷᠡᠬᠦ︾᠂ ︽ᠭᠤᠷᠪᠠ ᠠᠴᠠ ᠰᠠᠯᠵᠤ ᠴᠢᠳᠠᠬᠤ ᠦᠭᠡᠢ︾ ᠦᠵᠡᠯ ᠰᠠᠨᠠᠭᠠᠨ ᠤ ᠮᠡᠳᠡᠷᠡᠮᠵᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠦᠨᠳᠦᠰᠦᠲᠡᠨ ᠤ ᠣᠮᠣᠭᠰᠢᠯᠲᠤ ᠰᠡᠳᠬᠢᠯᠭᠡ ᠠᠶᠠᠨᠳᠠᠭᠠᠨ ᠪᠣᠶ ᠪᠣᠯᠤᠭᠰᠠᠨ ᠪᠠᠶᠢᠨ᠎ᠠ᠃
   ᠲᠣᠰ ᠤᠳᠠᠭᠠᠨ ᠤ ᠠᠵᠢᠯᠯᠠᠭ᠎ᠠ ᠨᠢ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠰᠣᠶᠣᠯ ᠤᠨ ᠠᠵᠢᠯᠯᠠᠭ᠎ᠠ ᠪᠠᠷ ᠬᠤᠯᠪᠣᠭᠠᠰᠤ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃        ᠵᠣᠬᠢᠶᠠᠭᠴᠢ᠄ ᠸᠠᠩ ᠨᠢᠩ ᠪᠦᠸᠧ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ  ᠵᠧᠦ ᠵᠢᠶᠦ᠋ᠨ ᠫᠢᠩ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3