ᠠᠵᠢᠯ ᠲᠥᠷᠥᠯ ᠤᠨ ᠠᠩᠬᠠᠨ ᠤ ᠡᠭᠦᠳᠦᠯᠲᠡ︕ ᠹᠧᠩᠵᠧᠨ ᠬᠤᠳᠠ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠰᠢᠨ᠎ᠡ ᠬᠤᠪᠢᠰᠤᠯᠲᠠ ᠲᠠᠢ ᠪᠤᠯᠪᠠ︕
ᠨᠡᠶᠢᠲᠡᠯᠡᠭᠰᠡᠨ ᠴᠠᠭ᠄
2025/3/24
   3 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠤᠯᠠᠭᠠᠨᠴᠠᠪ ᠤᠨ ᠹᠧᠩᠴᠤᠸᠠᠨ ᠤ ᠣᠷᠴᠢᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠥᠪᠥᠷ ᠮᠣᠩᠭᠤᠯ ᠤᠨ ᠬᠤᠸᠠ ᠰᠢᠨ ᠮᠧᠩ ᠵᠧᠩ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠢᠵᠠᠭᠠᠷᠲᠤ ᠺᠣᠮᠫᠠᠨᠢ ᠶᠢᠨ 3 ᠲᠦᠮᠡᠨ ᠲᠣᠨ/ᠵᠢᠯ ᠳᠤ ᠰᠢᠲᠠᠭᠠᠵᠤ ᠰᠢᠢᠳᠪᠦᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠨᠢᠭᠡ ᠰᠠᠭᠤᠷᠢ ᠲᠠᠩ ᠪᠡᠶᠡᠲᠦ ᠪᠠᠷᠢᠯᠭ᠎ᠠ ᠨᠢᠭᠡᠨᠲᠡ ᠪᠠᠶᠢᠭᠤᠯᠤᠭᠳᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠡᠴᠦᠰ ᠤᠨ ᠱᠠᠲᠤᠨ ᠳᠤ ᠣᠷᠣᠵᠤ᠂ ᠠᠵᠢᠯᠴᠢᠳ ᠶᠠᠭ ᠰᠠᠶᠢᠬᠠᠨ ᠠᠵᠢᠯ ᠢᠶᠠᠨ ᠱᠠᠯᠠᠪᠳᠠᠨ ᠬᠢᠵᠦ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠶᠢᠳᠠᠯ ᠲᠠᠢ ᠪᠠᠶᠢᠬᠤ ᠶᠢ ᠣᠯᠵᠤ ᠬᠠᠷᠠᠨ᠎ᠠ᠃
   ᠲᠣᠰ ᠲᠥᠷᠥᠯ ᠵᠦᠢᠯ ᠳᠤ ᠰᠢᠲᠠᠭᠠᠵᠤ ᠰᠢᠢᠳᠪᠦᠷᠢᠯᠡᠬᠦ ᠦᠢᠯᠡᠳᠪᠦᠷᠢ ᠶᠢᠨ ᠲᠠᠰᠤᠭ ︵ᠤᠷᠢᠳᠴᠢᠯᠠᠨ ᠰᠢᠢᠳᠪᠦᠷᠢᠯᠡᠬᠦ ᠲᠣᠭᠤᠷᠢᠭ ᠪᠠᠭᠲᠠᠨ᠎ᠠ︶᠂ ᠲᠤᠰᠠᠯᠠᠬᠤ ᠭᠡᠷ ᠪᠠᠶᠢᠰᠢᠩ᠂ ᠠᠶᠤᠯᠲᠠᠢ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠬᠥᠮᠥᠷᠭᠡ ︵ᠣᠷᠭᠠᠨᠢᠭ ᠲᠦᠷ ᠬᠠᠳᠠᠭᠠᠯᠠᠬᠤ ᠬᠥᠮᠥᠷᠭᠡ᠂ ᠬᠥᠬᠡ ᠬᠥᠬᠡᠭᠴᠢᠨ ᠲᠥᠷᠥᠯ ᠤᠨ ᠬᠥᠮᠥᠷᠭᠡ︶ ᠰᠢᠩᠭᠡᠨ ᠪᠡᠶᠡᠲᠦ ᠠᠶᠤᠯᠲᠠᠢ ᠬᠠᠶᠠᠭᠳᠠᠮᠠᠯ ᠪᠣᠳᠠᠰ ᠢ ᠬᠠᠳᠠᠭᠠᠯᠠᠬᠤ ᠣᠷᠣᠨ ᠵᠢᠴᠢ ᠢᠵᠢ ᠪᠦᠷᠢᠳᠦᠭᠦᠯᠦᠭᠰᠡᠨ ᠣᠷᠴᠢᠨ ᠲᠣᠭᠤᠷᠢᠨ ᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠭᠲᠠᠭᠠᠵᠤ᠂ ᠠᠶᠤᠯᠲᠠᠢ ᠬᠠᠶᠠᠭᠳᠠᠮᠠᠯ ᠪᠣᠳᠠᠰ ᠵᠢᠴᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠲᠠᠭᠠᠵᠤ ᠰᠢᠢᠳᠪᠦᠷᠢᠯᠡᠬᠦ ᠳᠤ ᠬᠡᠷᠡᠭᠯᠡᠨ᠎ᠡ᠃ ᠲᠥᠷᠥᠯ ᠵᠦᠢᠯ ᠤᠨ ᠡᠵᠡᠯᠡᠬᠦ ᠭᠠᠵᠠᠷ ᠨᠢ 21 ᠮᠦ᠃
   ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠭᠤᠣᠯᠯᠠᠬᠤ ᠮᠡᠷᠭᠡᠵᠢᠯ ᠨᠢ ᠴᠢᠩᠬᠤᠸᠠ ᠶᠡᠭᠡ ᠰᠤᠷᠭᠠᠭᠤᠯᠢ ᠶᠢᠨ ᠨᠡᠭᠡᠭᠡᠨ ᠬᠥᠭᠵᠢᠭᠦᠯᠦᠭᠰᠡᠨ ᠲᠦᠷᠭᠡᠨ ᠤᠷᠤᠰᠬᠠᠯᠲᠤ ᠤᠷᠤᠰᠤᠮᠠᠯ ᠣᠷᠣ ︵TFB︶ ᠶᠢᠨ ᠬᠡᠶᠢᠵᠢᠭᠦᠯᠦᠨ ᠰᠢᠲᠠᠭᠠᠬᠤ ᠤᠷᠠᠯᠠᠯ ᠢ ᠬᠡᠷᠡᠭᠯᠡᠨ ᠠᠶᠤᠯᠲᠠᠢ ᠬᠠᠶᠠᠭᠳᠠᠮᠠᠯ ᠪᠣᠳᠠᠰ ᠵᠢᠴᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠮᠵᠢᠯᠴᠠᠨ ᠰᠢᠢᠳᠪᠦᠷᠢᠯᠡᠵᠦ᠂ ᠠᠭᠤᠷ ᠢᠶᠠᠷ ᠴᠠᠬᠢᠯᠭᠠᠨ ᠭᠠᠷᠭᠠᠬᠤ ᠳᠤ ᠬᠡᠷᠡᠭᠯᠡᠨ᠎ᠡ᠃ ᠲᠣᠰ ᠭᠠᠷ ᠤᠷᠠᠯᠠᠯ ᠢ ᠠᠶᠤᠯᠲᠠᠢ ᠬᠠᠶᠠᠭᠳᠠᠮᠠᠯ ᠪᠣᠳᠠᠰ ᠢ ᠰᠢᠲᠠᠭᠠᠵᠤ ᠰᠢᠢᠳᠪᠦᠷᠢᠯᠡᠬᠦ ᠰᠢᠰᠲ᠋ᠧᠮ ᠳᠤ ᠠᠩᠬ᠎ᠠ ᠤᠳᠠᠭ᠎ᠠ ᠬᠡᠷᠡᠭᠯᠡᠵᠦ᠂ ᠰᠢᠢᠳᠪᠦᠷᠢᠯᠡᠬᠦ ᠥᠪᠡᠷ ᠤᠨ ᠥᠷᠲᠡᠭ ᠨᠢ ᠤᠯᠠᠮᠵᠢᠯᠠᠯᠲᠤ ᠡᠷᠭᠢᠯᠳᠦᠭᠡ ᠤᠭᠤᠷᠬᠠᠢ ᠶᠢᠨ ᠰᠢᠲᠠᠭᠠᠵᠤ ᠰᠢᠢᠳᠪᠦᠷᠢᠯᠡᠬᠦ ᠭᠠᠷ ᠤᠷᠠᠯᠠᠯ ᠠᠴᠠ ᠬᠤᠯᠠ ᠳᠣᠣᠷ᠎ᠠ ᠪᠠᠶᠢᠳᠠᠭ᠃
   ᠳᠠᠷᠠᠭᠠᠴᠢ ᠶᠢᠨ ᠠᠯᠬᠤᠮ ᠳᠤ᠂ ᠹᠧᠩᠵᠧᠨ ᠬᠤᠳᠠ ᠶᠢᠨ ᠬᠢᠨ ᠲᠤᠰ ᠲᠦᠷᠦᠯ ᠵᠦᠢᠯ ᠢᠶᠠᠷ ᠠᠵᠠ ᠲᠣᠬᠢᠶᠠᠯ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠭᠡ ᠶᠢ ᠴᠢᠨᠠᠭᠰᠢᠳᠠ ᠴᠢᠩᠭᠠᠳᠬᠠᠵᠤ᠂ ᠠᠵᠤ ᠦᠢᠯᠡᠰ ᠤᠨ ᠪᠣᠬᠢᠷᠲᠤᠯ ᠦᠭᠡᠢ ᠡᠷᠭᠢᠯᠲᠡᠲᠦ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠡᠷᠭᠢᠯᠲᠡᠲᠦ ᠬᠥᠭᠵᠢᠯᠲᠡ ᠶᠢᠨ ᠬᠠᠷᠠᠯᠲᠠ ᠲᠡᠰᠢ ᠤᠷᠤᠭᠰᠢᠯᠠᠬᠤ ᠳᠤ ᠬᠦᠴᠦ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠲᠠᠢ ᠰᠠᠭᠤᠷᠢ ᠥᠩᠭᠡ ᠶᠢ ᠵᠤᠵᠠᠭᠠᠳᠬᠠᠨ᠎ᠠ᠃          ᠵᠣᠬᠢᠶᠠᠭᠴᠢ᠄ ᠰᠢᠤᠸᠠᠨ ᠶᠠᠨ  ᠵᠢᠶᠠ ᠯᠢ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ  ᠵᠧᠦ ᠵᠢᠶᠦ᠋ᠨ ᠫᠢᠩ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3