ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠢᠨ 2025 ᠣᠨ ᠤ ᠳᠥᠷᠪᠡᠳᠦᠭᠡᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
   3 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠢᠨ 2025 ᠣᠨ ᠤ ᠳᠥᠷᠪᠡᠳᠦᠭᠡᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠵᠡᠷᠭᠡ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠡᠯ᠎ᠡ ᠪᠦᠷᠢᠯᠳᠦᠭᠦᠨ ᠰᠤᠷᠤᠯᠴᠠᠯᠭ᠎ᠠ ᠳᠤ ᠤᠷᠤᠯᠴᠠᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠧᠩ ᠵᠢᠶᠦ᠋ᠨ ᠬᠤᠷᠠᠯ ᠢ ᠡᠷᠭᠢᠯᠡᠪᠡ᠃
   ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠ ᠭᠠᠮᠰᠢᠭ ᠢ ᠪᠠᠭᠠᠰᠬᠠᠬᠤ ᠭᠠᠵᠠᠷ ᠤᠨ ᠬᠤᠶᠠᠳᠤᠭᠠᠷ ᠳᠡᠰ ᠤᠨ ᠴᠠᠭᠳᠠᠨ ᠪᠠᠶᠢᠴᠠᠭᠠᠭᠴᠢ ᠨᠢᠦ ᠪᠦᠦ ᠯᠢᠶᠠᠩ ᠢ ᠣᠨᠴᠠᠭᠠᠶᠢᠯᠠᠨ ᠤᠷᠢᠵᠤ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠦᠨᠳᠦᠰᠦᠨ ᠱᠠᠲᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠬᠦ︾ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠪᠡ᠃
   ᠬᠤᠷᠠᠯ ᠠᠴᠠ ᠴᠢᠬᠤᠯᠠᠴᠢᠯᠠᠭᠰᠠᠨ ᠨᠢ᠄ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠶᠤᠯ ᠲᠦᠭᠰᠢᠭᠦᠷᠢ ᠶᠢᠨ ᠤᠬᠠᠮᠰᠠᠷ ᠪᠣᠯᠣᠨ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠡᠯ᠎ᠡ ᠱᠠᠲᠤᠨ ᠤ ᠰᠠᠯᠠᠭ᠎ᠠ ᠮᠥᠴᠢᠷ ᠤᠳ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠦᠨᠳᠦᠰᠦᠨ ᠱᠠᠲᠤᠨ ᠤ ᠬᠥᠮᠥᠰ ᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠭᠦᠨᠵᠡᠭᠡᠶᠢᠷᠡᠨ ᠥᠷᠨᠢᠬᠦ ᠶᠢ ᠲᠦᠯᠬᠢᠨ ᠠᠬᠢᠭᠤᠯᠬᠤ ᠬᠡᠷᠡᠭᠲᠡᠢ᠃         ᠵᠣᠬᠢᠶᠠᠭᠴᠢ᠄ ᠸᠠᠩ ᠨᠢᠩ ᠪᠦᠸᠧ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ  ᠵᠧᠦ ᠵᠢᠶᠦ᠋ᠨ ᠫᠢᠩ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3