| 3 ᠰᠠᠷ᠎ᠠ ᠶᠢᠨ 22 ᠤᠨ ᠡᠳᠦᠷ᠂ ᠹᠧᠩᠵᠧᠨ ᠬᠤᠲᠠ ᠶᠢᠨ ᠬᠢᠨ ᠵᠠᠰᠠᠭ ᠤᠨ ᠤᠷᠳᠤᠨ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠮᠥᠩᠭᠦᠨ ᠭᠦᠢᠯᠭᠡᠭᠡᠨ ᠤ ᠠᠯᠪᠠᠨ ᠭᠡᠷ ᠤᠨ ᠶᠡᠷᠦᠩᠬᠡᠢ ᠠᠵᠤ ᠠᠬᠤᠶᠢᠴᠢ ᠯᠢ ᠰᠢᠨ᠂ ᠤᠯᠠᠭᠠᠨᠴᠠᠪ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠶᠢᠨ ᠶᠡᠷᠦᠩᠬᠡᠢ ᠠᠵᠤ ᠠᠬᠤᠶᠢᠴᠢ ᠱᠠᠩ ᠺᠦᠨ᠂ ᠮᠠᠨ ᠤ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠯᠢ ᠶᠢᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ | ᠬᠤᠲᠠ ᠶᠢᠨ ᠳᠠᠷᠤᠭ᠎ᠠ ᠯᠢ ᠱᠦ ᠸᠧᠢ ᠨᠠᠷ ᠬᠤᠷᠠᠯ ᠳᠤ ᠣᠷᠣᠯᠴᠠᠵᠤ᠂ ᠬᠤᠲᠠ ᠶᠢᠨ ᠰᠢᠭᠤᠳ ᠬᠠᠷᠢᠶ᠎ᠠ 10 | ᠰᠠᠯᠠᠭ᠎ᠠ ᠮᠥᠴᠢᠷ᠂ 20 ᠪᠠᠩᠬᠢ᠂ 43 ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ | ᠬᠤᠷᠠᠯ ᠳᠤ ᠤᠷᠤᠯᠴᠠᠪᠠ᠃ ᠯᠢ ᠱᠦ ᠸᠧᠢ ᠬᠤᠷᠠᠯ ᠢ ᠡᠷᠬᠢᠯᠡᠪᠡ᠃ | | ᠯᠢ ᠶᠢᠩ ᠪᠠᠶᠠᠷ ᠤᠨ ᠶᠠᠷᠢᠶᠠᠨ ᠳᠠᠭᠠᠨ᠄ ᠰᠢ ᠶᠢᠨ ᠫᠢᠩ ᠶᠡᠷᠦᠩᠬᠡᠢ ᠱᠦᠵᠢ ᠶᠢᠨ ᠮᠥᠩᠭᠦᠨ ᠭᠦᠢᠯᠭᠡᠭᠡᠨ ᠤ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤᠨ ᠣᠷᠳᠣᠨ | ᠪᠠᠩᠬᠢ ᠠᠵᠤ ᠠᠬᠤᠶᠢᠯᠠᠯ ᠤᠨ ᠨᠡᠪᠲᠡᠷᠡᠯᠴᠡᠭᠡ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ | ᠠᠬᠤᠶᠢᠯᠠᠯ ᠢ ᠲᠤᠰᠠᠯᠠᠬᠤ ᠠᠵᠢᠯᠯᠠᠭᠠᠨ ᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ︔ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠢᠯᠡᠴᠢᠯᠡᠭᠡ ᠶᠢ | ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠠᠮᠲᠤᠷᠠᠯᠴᠠᠭᠠᠨ ᠤ ᠤᠯᠠᠭᠠᠨ ᠱᠤᠭᠤᠮ ᠢ ᠰᠠᠶᠢᠲᠤᠷ ᠡᠵᠡᠮᠳᠡᠵᠦ᠂ | ᠮᠥᠩᠭᠦᠨ ᠭᠦᠢᠯᠭᠡᠭᠡᠨ ᠤ ᠠᠮᠢ ᠠᠬᠤᠢ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠰᠢᠯᠢᠳᠡᠭ ᠦᠢᠯᠡᠴᠢᠯᠡᠭᠡ ᠶᠢ ᠡᠭᠦᠳᠴᠦ᠂ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠲᠠᠯ᠎ᠠ ᠪᠠᠷ ᠬᠦᠴᠦ ᠣᠷᠣᠭᠤᠯᠵᠤ᠂ ᠶᠡᠭᠡ ᠲᠠᠯ᠎ᠠ ᠳᠤ ᠦᠢᠯᠡᠴᠢᠯᠡᠬᠦ | ᠳᠤᠮᠳᠠ ᠡᠭᠦᠷᠭᠡᠯᠡᠯ ᠢᠶᠠᠨ ᠢᠯᠡᠷᠡᠭᠦᠯᠵᠦ᠂ ᠦᠵᠡᠯ ᠰᠠᠨᠠᠭ᠎ᠠ ᠪᠠᠨ ᠴᠢᠯᠦᠭᠡᠯᠡᠬᠦ ᠲᠠᠯ᠎ᠠ ᠪᠠᠷ ᠦᠷ᠎ᠡ ᠪᠦᠲᠦᠮᠵᠢ ᠪᠠᠨ | ᠢᠯᠡᠷᠡᠭᠦᠯᠵᠦ᠂ ᠰᠢᠨ᠎ᠡ ᠶᠢ ᠡᠭᠦᠳᠬᠦ ᠦᠢᠯᠡᠳᠬᠦᠨ ᠤ ᠲᠠᠯ᠎ᠠ ᠪᠠᠷ ᠴᠢᠳᠠᠪᠤᠷᠢ ᠪᠠᠨ ᠪᠠᠳᠠᠷᠠᠭᠤᠯᠵᠤ᠂ ᠢᠲᠡᠭᠡᠮᠵᠢᠲᠦ | ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠨᠠᠷ | ᠰᠠᠶᠢᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ︔ ᠥᠷᠭᠡᠨ ᠤᠯᠠᠨ ᠠᠵᠤ ᠠᠬᠤᠶᠢᠯᠠᠯ | ᠮᠠᠩᠯᠠᠢ ᠳᠤᠨᠢ ᠭᠠᠷᠬᠤ ᠪᠠᠷ ᠮᠡᠷᠡᠶᠢᠨ ᠴᠢᠷᠮᠠᠶᠢᠵᠤ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠡᠭᠡᠷ᠎ᠡ ᠬᠦᠴᠦ | ᠲᠠᠯᠪᠢᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠬᠠᠮᠢᠶᠠᠷᠤᠯᠲᠠ ᠶᠢᠨ ᠬᠢᠷᠢ | ᠬᠡᠮᠵᠢᠶ᠎ᠡ ᠪᠠᠨ ᠳᠡᠭᠡᠭᠰᠢᠯᠡᠭᠦᠯᠦᠨ᠂ ᠥᠷᠢᠰᠦᠯᠳᠦᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ ᠪᠠᠷ | ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠢᠭᠲᠠ ᠬᠠᠮᠲᠤᠷᠠᠯᠴᠠᠬᠤ ᠬᠥᠭᠦᠷᠭᠡ ᠶᠢ | ᠪᠣᠰᠬᠠᠬᠤ ᠬᠡᠷᠡᠭᠲᠡᠢ︔ ᠣᠷᠣᠨ ᠨᠤᠲᠤᠭ ᠤᠨ ᠠᠵᠤ ᠠᠬᠤᠢ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ | ᠠᠵᠤ ᠠᠬᠤᠶᠢᠯᠠᠯ ᠤᠨ ᠬᠥᠭᠵᠢᠯᠲᠡ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠹᠧᠩᠵᠧᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠳᠡᠢ ᠭᠡᠪᠡ᠃ | | ᠯᠢ ᠰᠢᠶᠠᠨ ᠶᠠᠷᠢᠶᠠᠨ ᠳᠠᠭᠠᠨ ᠥ᠊ᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ | ᠭᠦᠢᠯᠭᠡᠭᠡᠨ ᠤ ᠠᠯᠪᠠᠨ ᠭᠡᠷ ᠠᠴᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠪᠦᠬᠦ ᠬᠦᠴᠦᠨ ᠢᠶᠠᠷ ᠢᠶᠠᠨ | ᠵᠣᠬᠢᠴᠠᠭᠤᠯᠵᠤ ᠹᠧᠩᠵᠧᠨ ᠬᠤᠳᠠ ᠶᠢᠨ ᠭᠠᠵᠠᠷ ᠣᠷᠣᠨ ᠤ ᠳᠠᠪᠠᠭᠤᠯᠢᠭ ᠢ ᠠᠭᠤᠳᠠᠯᠵᠤ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ | ᠦᠢᠯᠡᠴᠢᠯᠡᠵᠦ᠂ ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ᠂ ᠡᠯ᠎ᠡ ᠲᠠᠯ᠎ᠠ ᠶᠢᠨ ᠬᠢᠨ ᠬᠦᠴᠦ ᠪᠠᠨ | ᠬᠠᠮᠲᠤᠳᠬᠠᠨ ᠬᠠᠮᠵᠢᠯᠴᠠᠵᠤ᠂ ᠨᠢᠭᠲᠠ ᠬᠠᠷᠢᠯᠴᠠᠵᠤ᠂ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ | ᠪᠠ ᠰᠣᠯᠢᠯᠴᠠᠭ᠎ᠠ ᠪᠠᠨ ᠨᠡᠮᠡᠭᠳᠡᠭᠦᠯᠵᠦ᠂ ᠹᠧᠩᠵᠧᠨ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠹᠧᠩᠵᠧᠨ ᠬᠤᠲᠠ ᠶᠢᠨ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠤᠬᠠᠭᠤᠯᠭ᠎ᠠ ᠶᠢᠨ ᠹᠢᠯᠢᠮ ᠢ ᠬᠠᠮᠲᠤᠪᠠᠷ ᠰᠣᠨᠢᠷᠬᠠᠪᠠ︔ ᠬᠤᠲᠠ ᠶᠢᠨ ᠲᠠᠷᠢᠶᠠᠯᠠᠩ ᠮᠠᠯ ᠠᠵᠤ ᠠᠬᠤᠢ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ | ᠲᠣᠪᠴᠢᠶ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠲᠣᠰ ᠲᠣᠰ ᠤᠨ ᠠᠵᠢᠯ ᠲᠥᠷᠥᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠪᠡᠯᠡ | ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠠᠨ ᠲᠠᠨᠢᠯᠴᠠᠭᠤᠯᠵᠠᠭᠠᠪᠠ︔ ᠠᠵᠤ ᠠᠬᠤᠶᠢᠯᠠᠯ ᠤᠨ | ᠲᠥᠯᠥᠭᠡᠯᠡᠭᠴᠢᠳ ᠥᠪᠡᠷ ᠥᠪᠡᠷ ᠤᠨ ᠠᠵᠤ ᠠᠬᠤᠶᠢᠯᠠᠯ ᠤᠨ ᠢᠶᠠᠨ ᠬᠥᠭᠵᠢᠯᠲᠡ ᠶᠢᠨ ᠣᠳᠣᠬᠢ ᠪᠠᠶᠢᠳᠠᠯ᠂ | ᠡᠵᠡᠩᠨᠡᠯᠲᠡ ᠶᠢᠨ ᠪᠠᠶᠢᠳᠠᠯ ᠪᠠ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠲᠠᠨᠢᠯᠴᠠᠭᠤᠯᠪᠠ︔ ᠡᠯ᠎ᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠪᠠᠶᠢᠭ᠎ᠠ ᠪᠠᠩᠬᠢ ᠶᠢᠨ | ᠦᠨᠳᠦᠰᠦᠨ ᠪᠠᠶᠢᠳᠠᠯ᠂ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠵᠢᠴᠢ ᠪᠡᠯᠡ ᠮᠥᠩᠭᠦ ᠶᠢᠨ ᠵᠢᠭᠡᠯᠡᠯᠭᠡ | ᠲᠠᠯᠪᠢᠭᠰᠠᠨ ᠪᠠᠶᠢᠳᠠᠯ ᠵᠡᠷᠭᠡ ᠶᠢ ᠨᠠᠷᠢᠨ ᠲᠠᠨᠢᠯᠴᠠᠭᠤᠯᠪᠠ᠃ | ᠬᠤᠷᠠᠯ ᠤᠨ ᠬᠤᠭᠤᠴᠠᠭᠠᠨ ᠳᠤ᠂ ᠡᠯ᠎ᠡ ᠪᠠᠩᠬᠢ ᠶᠢᠨ ᠲᠥᠯᠥᠭᠡᠯᠡᠭᠴᠢᠳ ᠮᠠᠨ ᠤ ᠬᠤᠲᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠲᠠᠢ ᠲᠣᠰ ᠲᠣᠰ ᠨᠢᠭᠤᠷᠲᠠᠨ | ᠶᠠᠷᠢᠯᠴᠠᠵᠤ ᠰᠠᠨᠠᠯ ᠢᠶᠠᠨ ᠰᠣᠯᠢᠯᠴᠠᠨ᠂ ᠵᠣᠯᠭᠠᠯᠳᠤᠭᠤᠯᠬᠤ ᠬᠤᠷᠠᠯ ᠢᠯᠡᠳᠲᠡ ᠦᠷ᠎ᠡ ᠪᠦᠲᠦᠮᠵᠢ ᠣᠯᠵᠤ᠂ 16 | ᠪᠠᠩᠬᠢ ᠪᠣᠯᠣᠨ 25 ᠠᠵᠤ ᠠᠬᠤᠶᠢᠯᠠᠯ 30 ᠭᠠᠷᠤᠢ ᠳ᠋ᠦᠩᠰᠢᠭᠤᠷ ᠲᠥᠭᠦᠷᠢᠭ ᠤᠨ ᠬᠠᠮᠲᠤᠷᠠᠯᠴᠠᠭᠠᠨ ᠤ | ᠵᠢᠭᠡᠯᠡᠯᠭᠡ ᠶᠢ ᠠᠩᠬ᠎ᠠ ᠠᠯᠬᠤᠮ ᠬᠡᠯᠡᠯᠴᠡᠨ ᠲᠣᠬᠢᠷᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠲᠡᠢ ᠪᠡᠯᠡ | ᠮᠥᠩᠭᠦ ᠶᠢᠨ ᠪᠠᠲᠤᠯᠠᠭ᠎ᠠ ᠬᠠᠩᠭᠠᠪᠠ᠃ | ᠳᠠᠷᠠᠭᠠᠴᠢ ᠶᠢᠨ ᠠᠯᠬᠤᠮ ᠳᠤ᠂ ᠹᠧᠩᠵᠧᠨ ᠬᠤᠳᠠ ᠶᠢᠨ ᠬᠢᠨ ᠲᠤᠰ ᠤᠳᠠᠭ᠎ᠠ ᠶᠢᠨ ᠵᠠᠰᠠᠭ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠤ ᠠᠬᠤᠢ ᠶᠢ ᠲᠣᠭᠲᠠᠪᠤᠷᠢᠵᠢᠭᠤᠯᠵᠤ | ᠨᠡᠮᠡᠭᠳᠡᠯ ᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠰᠠᠶᠢᠬᠠᠨ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ᠃ | | | ᠵᠣᠬᠢᠶᠠᠭᠴᠢ᠄ ᠰᠢᠤᠸᠠᠨ ᠶᠠᠨ ᠪᠠᠢ ᠯᠢ ᠨᠠ ᠬᠤᠸ ᠴᠧᠨ ᠹᠧᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |