| —— ᠮᠠᠨ ᠤ ᠬᠤᠲᠠ ᠶᠢᠨ ᠬᠢᠨ 2025 ︽ᠳᠡᠯᠡᠬᠡᠢ ᠶᠢᠨ ᠤᠰᠤᠨ ᠤ ᠡᠳᠦᠷ︾ ᠵᠢᠴᠢ ︽ | ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠭᠦᠯᠪᠡ | | 2025 ᠣᠨ ᠤ 3 ᠰᠠᠷ᠎ᠠ ᠶᠢᠨ 22 ᠤᠨ ᠡᠳᠦᠷ ᠪᠣᠯ ᠭᠤᠴᠢᠨ ᠭᠤᠷᠪᠠᠳᠤᠭᠠᠷ ᠬᠤᠭᠤᠴᠠᠭᠠᠨ ᠤ ︽ | ᠳᠡᠯᠡᠬᠡᠢ ᠶᠢᠨ ᠤᠰᠤᠨ ᠤ ᠡᠳᠦᠷ︾᠂ 3 ᠰᠠᠷ᠎ᠠ ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ ᠭᠤᠴᠢᠨ | ᠨᠠᠢᠮᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠣᠨ᠎ᠠ᠃ ᠤᠯᠤᠰ ᠤᠨ ᠤᠰᠤ | ᠠᠷᠪᠢᠯᠠᠬᠤ ᠠᠵᠢᠯᠯᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠤᠰᠤᠨ ᠤ | ᠡᠬᠢ ᠪᠠᠶᠠᠯᠢᠭ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠮᠠᠨ ᠤ ᠬᠤᠲᠠ ᠶᠢᠨ ᠬᠢᠨ | ᠠᠷᠠᠳ ᠤᠨ ᠴᠡᠴᠡᠷᠯᠢᠭ ᠲᠤ 2025 ᠤᠨ ᠤ ︽ᠳᠡᠯᠡᠬᠡᠢ ᠶᠢᠨ ᠤᠰᠤᠨ ᠤ ᠡᠳᠦᠷ︾ ᠵᠢᠴᠢ ︽ᠳᠤᠮᠳᠠᠳᠤ | ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ | ᠳᠠᠷᠤᠭ᠎ᠠ ᠱᠢ ᠬᠦᠶ ᠵᠢᠶᠦ᠋ᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠸᠠᠩ ᠢᠦᠢ ᠴᠧᠩ ᠨᠠᠷ ᠠᠵᠢᠯᠯᠠᠭ᠎ᠠ ᠳᠤ ᠣᠷᠣᠯᠴᠠᠪᠠ᠃ | | ᠠᠵᠢᠯᠯᠠᠭ᠎ᠠ ᠶᠢᠨ ᠶᠣᠰᠣᠯᠠᠯ ᠳᠡᠭᠡᠷ᠎ᠡ ᠱᠢ ᠬᠦᠶ ᠵᠢᠶᠦ᠋ᠨ ᠠᠵᠢᠯ ᠤᠨ ᠳᠠᠶᠢᠴᠢᠯᠠᠯᠲᠠ ᠬᠢᠵᠦ᠂ ᠬᠤᠯᠪᠣᠭᠳᠠᠯ | ᠪᠦᠬᠦᠢ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠤᠰᠤ ᠶᠢ | ᠠᠷᠪᠢᠯᠠᠵᠤ ᠬᠡᠷᠡᠭᠯᠡᠬᠦ ᠶᠢᠨ ᠦᠷᠭᠦᠯᠵᠢᠯᠡᠬᠦ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ | ᠴᠢᠬᠤᠯᠠᠴᠢᠯᠠᠪᠠ᠃ | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ | ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠨᠠᠰᠢ ᠴᠠᠰᠢ ᠥᠩᠭᠡᠷᠡᠬᠦ | ᠣᠯᠠᠨ ᠲᠦᠮᠡᠨ ᠳᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠤᠰᠤ ᠶᠢ ᠠᠷᠪᠢᠯᠠᠵᠤ ᠬᠡᠷᠡᠭᠯᠡᠬᠦ ᠮᠡᠳᠡᠯᠭᠡ ᠶᠢ | ᠲᠦᠭᠡᠮᠡᠯᠵᠢᠭᠦᠯᠬᠦ ᠶᠢᠨ ᠬᠠᠮᠲᠤ ᠣᠯᠠᠨ ᠲᠦᠮᠡᠨ ᠤ ᠳᠤᠷᠠᠳᠤᠭᠰᠠᠨ ᠬᠠᠮᠢᠶ᠎ᠠ ᠪᠦᠬᠦᠢ ᠠᠰᠠᠭᠤᠳᠠᠯ ᠢ ᠬᠦᠯᠢᠴᠡᠩᠭᠦᠢ ᠪᠠᠷ | ᠬᠠᠷᠢᠭᠤᠯᠪᠠ᠃ ᠠᠵᠢᠯᠲᠠᠳ ᠪᠠᠰᠠ ᠴᠡᠴᠡᠷᠯᠢᠭ ᠤᠨ ᠡᠯ᠎ᠡ ᠥᠨᠴᠥᠭ ᠪᠤᠯᠤᠩ ᠳᠤ ᠭᠦᠨᠵᠡᠭᠡᠶᠢᠷᠡᠵᠦ᠂ | ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠪᠠᠨ ᠰᠤᠯᠠ ᠰᠡᠯᠡᠭᠦᠦ ᠵᠤᠭᠠᠴᠠᠯ ᠤᠨ ᠬᠦᠷᠢᠶᠡᠯᠡᠩ ᠤᠨ ᠣᠯᠠᠨ ᠲᠦᠮᠡᠨ ᠤ | ᠳᠤᠮᠳᠠ ᠬᠦᠷᠲᠡᠯ᠎ᠡ ᠥᠷᠭᠡᠳᠬᠡᠵᠦ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠤᠰᠤ ᠠᠷᠪᠢᠯᠠᠬᠤ ᠮᠡᠳᠡᠯᠭᠡ ᠪᠠ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠪᠡ᠃ | | ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠰᠠᠭᠤᠭᠠᠯᠢ ᠠᠷᠠᠳ ᠤᠨ ᠤᠰᠤ ᠠᠷᠪᠢᠯᠠᠬᠤ | ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤ ᠠᠷᠪᠢᠯᠠᠬᠤ᠂ | ᠤᠰᠤ ᠬᠠᠮᠠᠭᠠᠯᠠᠬᠤ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠪᠠ᠃ | | | | ᠵᠣᠬᠢᠶᠠᠭᠴᠢ᠄ ᠶᠠᠨ ᠰᠢᠶᠠ ᠹᠧᠢ ᠸᠠᠩ ᠯᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |