ᠮᠠ ᠴᠢᠶᠣᠤ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠢᠨ 2025 ᠣᠨ ᠤ ︽ᠰᠤᠷᠭᠠᠭᠤᠯᠢ ᠶᠢᠨ ᠵᠠᠬᠢᠷᠤᠯ ᠤᠨ ᠬᠤᠨᠳᠠᠭᠠᠲᠤ︾ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2025/3/27
   ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠴᠢᠩᠭᠠᠷᠠᠭᠤᠯᠬᠤ ᠶᠢᠨ ᠲᠦᠯᠦᠭᠡ᠂ 3 ᠰᠠᠷ᠎ᠠ ᠶᠢᠨ 24 ᠤ ᠡᠳᠦᠷ᠂ ᠮᠠ ᠴᠢᠶᠣᠤ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠢᠨ 2025 ᠣᠨ ᠤ ︽ᠰᠤᠷᠭᠠᠭᠤᠯᠢ ᠶᠢᠨ ᠵᠠᠬᠢᠷᠤᠯ ᠤᠨ ᠬᠤᠨᠳᠠᠭᠠᠲᠤ︾ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠶᠠᠪᠤᠭᠤᠯᠪᠠ᠃ ᠤᠷᠤᠯᠳᠤᠭᠠᠨ ᠠᠴᠠ ᠡᠮᠦᠨ᠎ᠡ᠂ ᠰᠤᠷᠭᠠᠭᠤᠯᠢ ᠠᠴᠠ ᠬᠥᠯ ᠪᠥᠮᠪᠦᠭᠡ ᠶᠢᠨ ᠤᠷᠤᠯᠳᠤᠭᠠᠨ ᠤ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠤᠷᠤᠯᠳᠤᠭᠠᠨ ᠤ ᠶᠠᠪᠤᠴᠠ᠂ ᠠᠮᠤᠷ ᠲᠦᠪᠰᠢᠨ ᠤ ᠪᠠᠲᠤᠯᠠᠭ᠎ᠠ ᠵᠢᠴᠢ ᠠᠷᠤ ᠲᠠᠯ᠎ᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠨᠠᠷᠢᠨ ᠨᠢᠭᠲᠠ ᠲᠣᠬᠢᠷᠠᠭᠤᠯᠤᠯᠲᠠ ᠬᠢᠵᠦ᠂ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
   ᠤᠷᠤᠯᠳᠤᠭᠠᠨ ᠤ ᠲᠠᠯᠠᠪᠤᠷ ᠲᠤ᠂ ᠬᠠᠮᠲᠤ ᠰᠤᠷᠤᠭᠴᠢᠳ ᠬᠤᠷᠴᠠ ᠱᠠᠯᠠᠮᠠᠭᠠᠢ ᠪᠠᠶᠢᠵᠤ᠂ ᠨᠢᠭᠡ ᠨᠢᠭᠡ ᠪᠠᠷ ᠢᠶᠠᠨ ᠲᠡᠮᠡᠴᠡᠯ ᠤᠨ ᠵᠣᠷᠢᠭ ᠪᠠᠳᠠᠷᠠᠩᠭᠤᠢ᠂ ᠪᠥᠮᠪᠦᠭᠡ ᠳᠠᠮᠵᠢᠭᠤᠯᠬᠤ᠂ ᠪᠥᠮᠪᠦᠭᠡ ᠪᠠᠨ ᠢᠰᠬᠦᠯᠡᠨ  ᠬᠠᠵᠠᠭᠤᠳᠠᠬᠢ ᠬᠦᠮᠦᠰ ᠢ ᠥᠩᠭᠡᠷᠡᠬᠦ᠂ ᠡᠭᠦᠳᠡ ᠰᠤᠮᠤᠳᠠᠬᠤ᠂ ᠬᠠᠷᠢᠯᠴᠠᠨ ᠤᠷᠦᠯᠳᠦᠬᠤ᠂ ᠬᠤᠪᠢ ᠬᠤᠪᠢᠨ ᠤ ᠪᠠᠨ ᠡᠷᠳᠡᠮ ᠴᠢᠳᠠᠪᠤᠷᠢ ᠪᠠᠨ ᠦᠵᠡᠭᠦᠯᠬᠦ ᠵᠡᠷᠭᠡ ᠭᠤᠶᠢᠳᠠ ᠰᠠᠶᠢᠬᠠᠨ ᠪᠣᠯᠪᠠᠰᠤᠷᠠᠩᠭᠤᠢ ᠬᠥᠳᠡᠯᠭᠡᠭᠡᠨ ᠨᠢ ᠬᠤᠷᠣᠮᠬᠠᠨ ᠵᠠᠭᠤᠷ᠎ᠠ ᠲᠠᠯᠠᠪᠤᠷ ᠤᠨ ᠬᠠᠵᠠᠭᠤᠳᠠᠬᠢ ᠬᠠᠮᠲᠤ ᠰᠤᠷᠤᠭᠴᠢᠳ ᠤᠨ ᠬᠠᠯᠠᠭᠤᠨ ᠰᠡᠳᠬᠢᠯᠭᠡ ᠶᠢ ᠤᠷᠬᠢᠭᠤᠯᠪᠠ᠃ ᠬᠠᠮᠲᠤ ᠰᠤᠷᠤᠭᠴᠢᠳ ᠨᠣᠭᠤᠭᠠᠨ ᠵᠦᠯᠭᠡᠨ ᠳᠡᠭᠡᠷ᠎ᠡ ᠬᠦᠴᠦ ᠬᠥᠯᠥᠰᠦ ᠪᠠᠨ ᠤᠷᠤᠰᠬᠠᠨ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠭᠦᠢᠴᠡᠳ ᠢᠯᠡᠷᠡᠭᠦᠯᠦᠭᠰᠡᠨ ᠪᠠᠶᠢᠨ᠎ᠠ᠃
   ᠲᠣᠰ ᠤᠳᠠᠭᠠᠨ ᠤ ︽ᠰᠤᠷᠭᠠᠭᠤᠯᠢ ᠶᠢᠨ ᠵᠠᠬᠢᠷᠤᠯ ᠤᠨ ᠬᠤᠨᠳᠠᠭᠠᠲᠤ︾ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠡᠷᠭᠢᠯᠡᠭᠰᠡᠨ ᠨᠢ ᠬᠥᠯ ᠪᠥᠮᠪᠦᠭᠡ ᠳᠤ ᠪᠠᠭ᠋ᠠᠲᠠᠢ ᠰᠤᠷᠤᠭᠴᠢᠳ ᠲᠤ ᠥᠪᠡᠷ ᠢ ᠪᠠᠨ ᠭᠠᠶᠢᠬᠠᠭᠤᠯᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠳᠡᠯᠭᠡᠭᠡᠨ ᠤ ᠲᠦᠭᠡᠮᠡᠯᠵᠢᠯᠲᠡ ᠪᠠ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠵᠤ᠂ ᠢᠳᠡᠪᠬᠢᠲᠡᠢ ᠥᠭᠡᠳᠡᠷᠬᠡᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠰᠣᠶᠣᠯ ᠤᠨ ᠠᠭᠤᠷ ᠠᠮᠢᠰᠬᠤᠯ ᠢ ᠪᠣᠶ ᠪᠤᠯᠭᠠᠪᠠ᠃          ᠵᠣᠬᠢᠶᠠᠭᠴᠢ᠄ ᠵᠠᠩ ᠿᠢ ᠵᠢᠤᠸᠠᠨ  ᠭᠦᠸᠧ ᠾᠦᠢ ᠮᠢᠨ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ  ᠵᠧᠦ ᠵᠢᠶᠦ᠋ᠨ ᠫᠢᠩ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3