ᠹᠧᠩᠵᠧᠨ ᠬᠤᠲᠠ ᠶᠢᠨ ᠬᠢᠨ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠦᠨᠳᠦᠷ ᠨᠠᠷᠢᠯᠢᠭ ᠠᠶᠤᠯᠭᠦᠢ ᠴᠢᠭᠯᠡᠯ ᠳᠠᠰᠢ ᠬᠥᠭᠵᠢᠬᠦ ᠶᠢ ᠶᠡᠬᠡᠪᠡᠷ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/3/27
     ᠲᠦᠷᠦᠭᠦᠬᠡᠨ᠂ ᠰᠤᠷᠪᠤᠯᠵᠢᠯᠠᠭᠴᠢ ᠥᠪᠥᠷ ᠮᠣᠩᠭᠤᠯ ᠤᠨ ᠰᠠᠨ ᠠᠢ ᠹᠦ᠋ ᠸᠠᠨ ᠬᠤᠸ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ 60000t/a ᠬᠤᠶᠠᠷ ᠹᠯᠣᠷᠲᠤ ᠡᠲ᠋ᠡᠨ ︵F152a︶ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ ᠬᠦᠷᠬᠦ ᠳᠤ᠂ ᠪᠠᠷᠢᠯᠭ᠎ᠠ ᠶᠢᠨ ᠠᠵᠢᠯᠲᠠᠳ ᠶᠠᠭ ᠰᠠᠶᠢᠬᠠᠨ ᠪᠥᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠬᠢᠴᠠ ᠶᠢ ᠲᠦᠷᠭᠡᠳᠬᠡᠵᠦ᠂ ᠲᠤᠬᠠᠢ ᠶᠢᠨ ᠲᠠᠯᠠᠪᠤᠷ ᠲᠤ ᠶᠠᠭᠠᠷᠠᠯᠲᠠᠢ ᠠᠵᠢᠯᠯᠠᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠶᠠᠭ ᠲᠥᠯᠥᠪᠯᠡᠭᠡ ᠶᠣᠰᠣᠭᠠᠷ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
   ᠥᠪᠥᠷ ᠮᠣᠩᠭᠤᠯ ᠤᠨ ᠰᠠᠨ ᠠᠢ ᠹᠦ᠋ ᠸᠠᠨ ᠬᠤᠸ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ 60000t/a ᠬᠤᠶᠠᠷ ᠹᠯᠣᠷᠲᠤ ᠡᠲ᠋ᠡᠨ ︵F152a︶ ᠤ ᠲᠥᠷᠥᠯ ᠵᠦᠢᠯ ᠨᠢ ᠰᠠᠨ ᠠᠢ ᠹᠦ᠋ ᠸᠠᠨ ᠬᠤᠸ ᠬᠤᠶᠢᠲᠤ ᠦᠢᠯᠡᠳᠪᠦᠷᠢ ᠶᠢᠨ ᠲᠣᠭᠤᠷᠢᠭ ᠲᠤ ᠪᠠᠶᠢᠷᠢᠯᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 59559 ᠲᠦᠮᠡᠨ ᠲᠥᠭᠦᠷᠢᠭ ᠪᠠᠶᠢᠵᠤ᠂ ᠪᠠᠷᠤᠭ 75 ᠮᠦ ᠭᠠᠵᠠᠷ ᠡᠵᠡᠯᠡᠵᠦ ᠪᠣᠶ᠃ ᠦᠢᠯᠡᠳᠪᠦᠷᠢᠯᠡᠬᠦ ᠴᠢᠳᠠᠪᠤᠷᠢ ᠨᠢ 60000t/a ᠬᠤᠶᠠᠷ ᠹᠯᠣᠷᠲᠤ ᠡᠲ᠋ᠡᠨ ︵F152a︶ ᠲᠣᠨᠣᠭᠯᠠᠯ ᠵᠢᠴᠢ ᠢᠵᠢ ᠪᠦᠷᠢᠳᠦᠭᠦᠯᠬᠦ ᠡᠲ᠋ᠢᠨ ᠲᠣᠨᠣᠭᠯᠠᠯ᠂ ᠮᠠᠰᠢᠨ ᠤ ᠠᠪᠳᠠᠷ᠎ᠠ ᠶᠢᠨ ᠲᠠᠰᠤᠭ᠂ ᠬᠦᠴᠦᠳᠡᠯ ᠥᠭᠡᠷᠡᠴᠢᠯᠡᠵᠦ ᠴᠠᠬᠢᠯᠭᠠᠨ ᠲᠦᠭᠡᠭᠡᠬᠦ ᠲᠠᠰᠤᠭ᠂ ᠬᠥᠯᠳᠡᠭᠡᠬᠦ ᠦᠷᠳᠡᠭᠡ᠂ ᠴᠠᠬᠢᠯᠭᠠᠨ ᠴᠢᠯᠠᠭᠤᠨ ᠮᠠᠲ᠋ᠧᠷᠢᠶᠠᠯ ᠤᠨ ᠬᠥᠮᠥᠷᠭᠡ᠂ ᠡᠲ᠋ᠢᠨ ᠬᠡᠢ ᠶᠢᠨ ᠠᠪᠳᠠᠷ᠎ᠠ᠂ ᠴᠠᠬᠢᠯᠭᠠᠨ ᠴᠢᠯᠠᠭᠤᠨ ᠰᠢᠭᠠᠷᠤ ᠶᠢ ᠳᠠᠷᠤᠵᠤ ᠱᠦᠭᠦᠬᠦ ᠲᠠᠰᠤᠭ᠂ ᠰᠢᠩᠭᠡᠨ ᠪᠡᠶᠡᠲᠦ ᠪᠣᠳᠠᠰ ᠤᠨ ᠮᠠᠲ᠋ᠧᠷᠢᠶᠠᠯ ᠢ ᠬᠠᠳᠠᠭᠠᠯᠠᠬᠤ ᠲᠠᠰᠤᠭ᠂ ᠰᠢᠲᠠᠭᠠᠬᠤ ᠲᠣᠨᠣᠭᠯᠠᠯ ᠵᠡᠷᠭᠡ ᠨᠡᠶᠢᠲᠡ ᠶᠢᠨ ᠬᠡᠷᠡᠭᠯᠡᠭᠡᠨ ᠤ ᠪᠠᠷᠢᠯᠭ᠎ᠠ ᠪᠠ ᠲᠤᠰᠠᠯᠠᠬᠤ ᠲᠥᠬᠦᠭᠡᠷᠦᠮᠵᠢ ᠪᠣᠯᠣᠨ᠎ᠠ᠃    ᠲᠣᠰ ᠲᠥᠷᠥᠯ ᠤᠨ ᠪᠦᠲᠦᠭᠡᠨ ᠪᠠᠶᠢᠭᠤᠯᠤᠯᠲᠠ ᠨᠢ ᠦᠢᠯᠡᠳᠬᠦᠨ ᠤ ᠦᠢᠯᠡᠳᠪᠦᠷᠢᠯᠡᠯ ᠤᠨ ᠥᠪᠡᠷ ᠤᠨ ᠥᠷᠲᠡᠭ ᠢ ᠬᠦᠴᠦᠲᠡᠢ ᠪᠠᠭᠤᠷᠠᠭᠤᠯᠵᠤ᠂ ᠠᠵᠤ ᠠᠬᠤᠶᠢᠯᠠᠯ ᠤᠨ ᠦᠢᠯᠡᠳᠬᠦᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠨ᠂ ᠦᠢᠯᠡᠳᠬᠦᠨ ᠤ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠵᠦ᠂ ᠰᠠᠨ ᠠᠢ ᠹᠦ᠋ ᠸᠠᠨ ᠬᠤᠸ F152a᠂ F142b᠂ VDF ᠵᠢᠴᠢ ᠳᠣᠣᠷᠠᠳᠤ ᠤᠷᠤᠰᠬᠠᠯ ᠤᠨ PVDF ᠪᠠ FKM ᠶᠢᠨ ᠪᠦᠬᠦ᠋ᠢᠯᠡ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠠᠵᠢᠯ ᠲᠥᠷᠥᠯ ᠤᠨ ᠳᠠᠪᠠᠭᠤᠯᠢᠭ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠨᠢ ᠪᠠᠰᠠ ᠲᠤᠬᠠᠢ ᠶᠢᠨ ᠭᠠᠵᠠᠷ ᠲᠤ ᠤᠯᠠᠨ ᠠᠵᠢᠯ ᠤᠨ ᠪᠠᠶᠢᠷᠢ ᠬᠠᠩᠭᠠᠵᠤ᠂ ᠠᠵᠢᠯ ᠣᠯᠭᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃    ᠲᠦᠷᠦᠯ ᠵᠦᠢᠯ ᠢ ᠬᠡᠷᠡᠭᠵᠢᠭᠦᠯᠬᠦ ᠦᠶ᠎ᠡ ᠳᠤ ᠪᠠᠰᠠ ᠰᠠᠨ ᠠᠢ ᠹᠦ᠋ ᠸᠠᠨ ᠬᠤᠤ ᠶᠢᠨ ᠤᠳᠤ ᠶᠢᠨ ᠪᠠᠶᠢᠭ᠎ᠠ 18000t/a ᠡᠲ᠋ᠢᠨ ᠲᠥᠬᠦᠭᠡᠷᠦᠮᠵᠢ ᠳᠤ ︽ᠰᠢᠨ᠎ᠡ ᠪᠠᠷ ᠬᠠᠭᠤᠴᠢᠨ ᠢ ᠳᠠᠶᠢᠴᠢᠯᠠᠬᠤ︾ ᠶᠢ ᠬᠡᠷᠡᠭᠵᠢᠭᠦᠯᠬᠦ ᠪᠣᠯᠣᠨ᠎ᠠ᠃ ᠨᠢᠭᠡ ᠢᠵᠢ 45000t/a ᠶᠢᠨ ᠡᠲ᠋ᠢᠨ ᠲᠥᠬᠦᠭᠡᠷᠦᠮᠵᠢ ︵ᠴᠠᠬᠢᠯᠠᠭᠤᠷ ᠴᠢᠯᠠᠭᠤᠨ ᠤ ᠬᠥᠮᠥᠷᠭᠡ᠂ ᠡᠲ᠋ᠢᠨ ᠡᠭᠦᠰᠬᠦ / ᠴᠡᠪᠡᠷᠯᠡᠬᠦ ᠲᠠᠰᠤᠯᠭ᠎ᠠ᠂ ᠡᠲ᠋ᠢᠨ ᠠᠪᠴᠢᠭᠤᠯᠬᠤ ᠲᠠᠰᠤᠯᠭ᠎ᠠ᠂ ᠳᠠᠷᠤᠵᠤ ᠱᠦᠭᠦᠬᠦ ᠲᠠᠰᠤᠯᠭ᠎ᠠ᠂ ᠡᠲ᠋ᠢᠨ ᠬᠡᠢ ᠶᠢᠨ ᠠᠪᠳᠠᠷ᠎ᠠ ᠵᠡᠷᠭᠡ ᠶᠢ ᠪᠠᠭᠲᠠᠭᠠᠨ᠎ᠠ︶ ᠶᠢ ᠨᠢᠭᠡᠳᠦᠯᠲᠡᠢ ᠪᠠᠷ ᠰᠢᠨ᠎ᠡ ᠪᠠᠷ ᠪᠠᠶᠢᠭᠤᠯᠵᠤ᠂ ᠠᠦ᠋ᠲ᠋ᠣ᠋ ᠮᠠᠲ᠋ᠧᠷᠢᠶᠠᠯ ᠣᠷᠣᠭᠤᠯᠬᠤ ᠰᠢᠰᠲ᠋ᠧᠮ ᠪᠠ ᠡᠨᠧᠷᠭᠢ ᠠᠷᠪᠢᠯᠠᠬᠤ ᠦᠷ᠎ᠡ ᠪᠦᠲᠦᠮᠵᠢ ᠪᠠᠷ ᠨᠡᠩ ᠰᠠᠶᠢᠨ ᠲᠥᠬᠦᠭᠡᠷᠦᠮᠵᠢ ᠵᠡᠷᠭᠡ ᠶᠢ ᠬᠡᠷᠡᠭᠯᠡᠨ᠂ ᠲᠣᠨᠣᠭᠯᠠᠯ ᠤᠨ ᠠᠦ᠋ᠲ᠋ᠣᠴᠢᠯᠠᠯᠲᠠ ᠶᠢᠨ ᠬᠡᠮᠵᠢᠶ᠎ᠡ᠂ ᠠᠶᠤᠯᠭᠦᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠶᠤᠯᠭᠦᠢ᠂ ᠡᠨᠧᠷᠭᠢ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ ᠵᠡᠷᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠨ᠎ᠠ᠃    ᠥᠪᠥᠷ ᠮᠣᠩᠭᠤᠯ ᠤᠨ ᠰᠠᠨ ᠠᠢ ᠹᠦ᠋ ᠸᠠᠨ ᠬᠤᠤ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠣᠯ ᠱᠠᠩᠬᠠᠢ ᠶᠢᠨ ᠬᠤᠸᠠ ᠢ ᠰᠠᠨ ᠠᠢ ᠹᠦ᠋ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 100% ᠶᠢᠨ ᠬᠤᠪᠢ ᠡᠵᠡᠮᠳᠡᠭᠰᠡᠨ ᠠᠵᠤ ᠠᠬᠤᠶᠢᠯᠠᠯ ᠪᠣᠯᠣᠨ᠎ᠠ᠂ ᠱᠠᠩᠬᠠᠢ ᠶᠢᠨ ᠬᠤᠸᠠ ᠢ ᠰᠠᠨ ᠠᠢ ᠹᠦ᠋ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠴᠢᠬᠤᠯᠠ ᠦᠢᠯᠡᠳᠪᠦᠷᠢᠯᠡᠯ ᠤᠨ ᠰᠤᠳᠤᠯᠤᠨ ᠨᠡᠭᠡᠭᠡᠬᠦ ᠰᠠᠭᠤᠷᠢᠨ ᠭᠠᠵᠠᠷ ᠤᠨ ᠨᠢᠭᠡ ᠪᠣᠯᠣᠨ᠎ᠠ᠃ ᠺᠣᠮᠫᠠᠨᠢ ᠨᠢ ᠭᠤᠣᠯᠳᠠᠭᠤ ᠪᠥᠭᠡᠭᠡᠨᠡᠷᠡᠯ ᠬᠡᠯᠪᠡᠶᠢᠭᠦᠦ ᠹᠯᠤᠷᠲᠤ ᠡᠲ᠋ᠧᠨ᠂  ᠹᠯᠤᠷᠲᠤ ᠰᠢᠶᠠᠩᠵᠢᠶᠣᠣ᠂ ᠹᠯᠤᠷᠲᠤ ᠨᠠᠷᠢᠯᠢᠭ ᠬᠢᠮᠢ ᠶᠢᠨ ᠪᠣᠳᠠᠰ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠶᠢ ᠡᠷᠬᠢᠯᠡᠳᠡᠭ᠃ ᠭᠤᠣᠯ ᠡᠵᠡᠩᠨᠡᠵᠦ ᠪᠠᠶᠢᠭ᠎ᠠ ᠦᠢᠯᠡᠳᠬᠦᠨ ᠨᠢ ᠬᠤᠶᠠᠷ ᠹᠯᠣᠷᠲᠤ ᠡᠲ᠋ᠧᠨ ︵F152a︶᠂ ᠬᠤᠶᠠᠷ ᠹᠯᠣᠷᠲᠤ ᠨᠢᠭᠡ ᠾᠯᠣᠷᠲᠤ ᠡᠲ᠋ᠡᠨ ︵F142b︶᠂ ᠬᠡᠯᠪᠡᠶᠢᠭᠦᠦ ᠹᠯᠣᠷᠲᠤ ᠡᠲ᠋ᠧᠨ ︵VDF︶ ᠪᠥᠭᠡᠭᠡᠨᠡᠷᠡᠯ ᠬᠡᠯᠪᠡᠶᠢᠭᠦᠦ ᠹᠯᠣᠷᠲᠤ ᠡᠲ᠋ᠧᠨ ︵PVDF︶᠂ ᠹᠯᠣᠷᠲᠤ ᠰᠢᠶᠠᠩᠵᠢᠶᠣᠣ ︵FKM︶ ᠵᠡᠷᠭᠡ ᠪᠠᠶᠢᠵᠤ᠂ᠦᠢᠯᠡᠳᠬᠦᠨ ᠨᠢ ᠰᠦᠯᠢᠶᠥᠦ ᠦᠢᠯᠡᠳᠬᠦᠨ᠂ ᠰᠢᠷ᠂ ᠤᠰᠤ ᠰᠢᠢᠳᠪᠦᠷᠢᠯᠡᠬᠦ ᠪᠦᠷᠬᠦᠭᠦᠯ᠂ ᠳ᠋ᠢᠶᠠᠨ ᡂᠢ ᠶᠢᠨ ᠨᠠᠭᠠᠯᠳᠤᠭᠤᠯᠤᠭᠴᠢ᠂ ᠪᠢᠲᠡᠭᠦᠮᠵᠢᠯᠡᠬᠦ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠦ᠂ ᠣᠷᠴᠢᠨ ᠠᠬᠤᠢ ᠶᠢᠨ ᠬᠠᠮᠠᠭᠠᠯᠠᠯᠲᠠ᠂ ᠰᠢᠨ᠎ᠡ ᠡᠨᠧᠷᠭᠢ᠂ ᠰᠢᠨ᠎ᠡ ᠬᠡᠯᠪᠡᠷᠢ ᠶᠢᠨ ᠯᠢᠲ᠋ᠢ ᠶᠢᠨ ᠴᠠᠬᠢᠯᠭᠠᠨ ᠮᠠᠰᠢᠨ ᠲᠡᠷᠭᠡ ᠵᠡᠷᠭᠡ ᠠᠵᠢᠯ ᠲᠦᠷᠦᠯ ᠳᠤ ᠥᠷᠭᠡᠨ ᠳᠡᠯᠭᠡᠷ ᠬᠥᠭᠵᠢᠯᠲᠡ ᠶᠢᠨ ᠢᠷᠡᠭᠡᠳᠦᠢ ᠲᠠᠢ ᠶᠤᠮ᠃    ᠣᠶᠢᠷ᠎ᠠ ᠶᠢᠨ ᠵᠢᠯ ᠠᠴᠠ ᠨᠠᠰᠢ᠂ ᠹᠧᠩᠵᠧᠨ ᠬᠤᠳᠠ ᠶᠢᠨ ᠬᠢᠨ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠦᠢᠯᠡᠰ ᠤᠨ ᠲᠥᠪᠯᠡᠷᠡᠯ᠂ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠵᠠᠮ ᠤᠨ ᠲᠣᠭᠤᠷᠢᠨ ᠳᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠭᠡᠳᠦ ᠲᠡᠰ ᠤᠨ᠂ ᠨᠠᠷᠢᠯᠢᠭᠵᠢᠭᠰᠠᠨ᠂ ᠪᠣᠬᠢᠷᠲᠤᠯ ᠦᠭᠡᠢ ᠴᠢᠭᠯᠡᠯ ᠲᠡᠰᠢ ᠬᠥᠭᠵᠢᠬᠦ ᠶᠢ ᠠᠬᠢᠭᠤᠯᠪᠠ᠃          ᠵᠣᠬᠢᠶᠠᠭᠴᠢ᠄ ᠰᠢᠤᠸᠠᠨ ᠶᠠᠨ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ  ᠵᠧᠦ ᠵᠢᠶᠦ᠋ᠨ ᠫᠢᠩ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3