| 3 ᠰᠠᠷ᠎ᠠ ᠶᠢᠨ 26 ᠤ ᠡᠳᠦᠷ᠂ ᠹᠧᠩᠵᠧᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠬᠢᠨ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ | ᠡᠬᠢᠯᠡᠯᠲᠡ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ᠂ ᠢᠯᠠᠩᠭᠤᠶ᠎ᠠ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ︽ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ︾ ᠲᠤᠬᠠᠢ | ᠴᠢᠬᠤᠯᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠵᠤ᠂ ᠬᠠᠮ ᠵᠠᠭᠤᠴᠢᠯᠠᠭᠤᠷ ᠤᠨ ᠲᠥᠪ ᠤᠨ ᠰᠤᠷᠤᠯᠴᠠᠯᠭ᠎ᠠ | ᠬᠥᠮᠦᠵᠢᠯ ᠤᠨ ᠠᠵᠢᠯ ᠢ ᠳᠠᠶᠢᠴᠢᠯᠠᠨ ᠪᠠᠶᠢᠷᠢᠯᠠᠭᠤᠯᠪᠠ᠃ ᠬᠠᠮ ᠵᠠᠭᠤᠴᠢᠯᠠᠭᠤᠷ ᠤᠨ ᠲᠥᠪ ᠤᠨ ᠪᠦᠬᠦ ᠺᠠᠳ᠋ᠷ | ᠠᠵᠢᠯᠲᠠᠨ ᠠᠵᠢᠯᠴᠢᠨ ᠨᠠᠷ ᠬᠤᠷᠠᠯ ᠳᠤ ᠣᠷᠣᠯᠴᠠᠪᠠ᠃ | | ᠬᠤᠷᠠᠯ ᠠᠴᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠦᠬᠦ | ᠨᠠᠮ ᠤᠨ ᠳᠣᠲᠣᠷ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠵᠢᠴᠢ ︽ᠲᠥᠰᠥᠯ︾ ᠤᠨ | ᠱᠠᠭᠠᠷᠳᠠᠯᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ | ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ᠪᠠᠰᠠ ᠬᠠᠮ ᠵᠠᠭᠤᠴᠢᠯᠠᠭᠤᠷ ᠤᠨ ᠲᠥᠪ ᠤᠨ ᠰᠤᠷᠤᠯᠴᠠᠯᠭ᠎ᠠ ᠶᠢᠨ ᠲᠣᠬᠢᠷᠠᠭᠤᠯᠤᠯᠲᠠ ᠶᠢ ᠬᠠᠮᠳᠤᠪᠠᠷ | ᠰᠤᠳᠤᠯᠤᠭᠰᠠᠨ ᠪᠥᠭᠡᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠤᠯᠠᠭᠠᠨ ᠱᠤᠭᠤᠮ︾ ᠢ ᠲᠥᠪᠯᠡᠷᠡᠨ | ᠰᠤᠨᠢᠷᠬᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠄ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ | ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠤᠴᠢᠷ ᠠᠴᠠ ᠨᠢᠭᠡ ᠳᠤ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ | ᠪᠣᠯᠣᠨ ᠲᠤᠯᠭᠠᠮ᠎ᠠ ᠰᠡᠳᠬᠢᠯᠭᠡ ᠶᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠲᠥᠪ | ᠬᠤᠷᠢᠶ᠎ᠠ ᠪᠣᠯᠣᠨ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ | ᠨᠢᠭᠡᠳᠬᠡᠬᠦ ᠬᠡᠷᠡᠭᠲᠡᠢ︔ ᠬᠤᠶᠠᠷ ᠲᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠪᠠ ᠮᠥᠨ ᠴᠢᠨᠠᠷ ᠢ ᠭᠦᠨᠵᠡᠭᠡᠢ ᠡᠵᠡᠮᠰᠢᠵᠦ᠂ ᠲᠠᠷᠢᠬᠢᠨ ᠳᠤ | ᠴᠡᠭᠡᠵᠢᠯᠡᠵᠦ ᠰᠡᠳᠬᠢᠯ ᠳᠤ ᠬᠠᠳᠠᠩᠰᠢᠭᠤᠯᠵᠤ᠂ ᠮᠡᠳᠡᠬᠦᠢ ᠬᠢᠬᠦᠢ ᠶᠢ ᠨᠢᠭᠡᠳᠬᠡᠬᠦ ᠬᠡᠷᠡᠭᠲᠡᠢ︔ ᠭᠤᠷᠪᠠ ᠳᠤ᠂ | ᠲᠣᠭᠲᠠᠭᠠᠯ ᠢ ᠴᠢᠩᠭ᠎ᠠ ᠵᠢᠷᠤᠮᠯᠠᠵᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠡᠳᠦᠷ | ᠲᠤᠳᠤᠮ ᠤᠨ ᠠᠵᠢᠯ ᠠᠮᠢᠳᠤᠷᠠᠯ ᠳᠠᠭᠠᠨ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠡᠷᠡᠰ | ᠬᠤᠷᠢᠭᠯᠠᠬᠤ ᠬᠡᠷᠡᠭᠲᠡᠢ︔ ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠭᠤᠣᠯ ᠰᠡᠳᠦᠪ | ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ | ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ | ᠪᠠᠲᠤᠯᠠᠵᠤ᠂ ᠬᠠᠮ ᠵᠠᠭᠤᠴᠢᠯᠠᠭᠤᠷ ᠤᠨ ᠦᠢᠯᠡᠰ ᠤᠨ ᠬᠥᠭᠵᠢᠯᠲᠡ ᠳᠤ ᠰᠤᠷᠲᠠᠯ ᠴᠢᠬᠡᠴᠢ ᠣᠪᠣᠷ ᠲᠥᠪ ᠰᠠᠶᠢᠨ | ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | | | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |