ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠤᠯᠠᠨ ᠰᠠᠯᠠᠭ᠎ᠠ ᠮᠥᠴᠢᠷ ᠲᠠᠢ ᠬᠠᠮᠲᠤᠷᠠᠨ 2025 ᠣᠨ ᠤ ᠵᠠᠭᠤᠨ ᠬᠤᠳᠠ ᠶᠢᠨ ᠬᠤᠯᠪᠤᠭᠠᠯᠠᠨ ᠬᠥᠳᠡᠯᠦᠯᠴᠡᠬᠦ ︽ᠦᠨᠡᠨ ᠬᠠᠶᠢᠷ᠎ᠠ ᠡᠭᠦᠷᠢᠳᠡ  ᠬᠦᠨᠳᠦᠳᠭᠡᠭᠳᠡᠨ ᠦᠷᠭᠦᠯᠵᠢᠯᠡᠭᠳᠡᠬᠦ︾ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠭᠦᠯᠪᠡ
ᠨᠡᠶᠢᠲᠡᠯᠡᠭᠰᠡᠨ ᠴᠠᠭ᠄
2025/3/27
  3 ᠰᠠᠷ᠎ᠠ ᠶᠢᠨ 25 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠹᠧᠩᠵᠧᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ 2025 ᠣᠨ ᠤ ᠵᠠᠭᠤᠨ ᠬᠤᠲᠠ ᠶᠢᠨ ᠬᠤᠯᠪᠤᠭᠠᠯᠠᠨ ᠬᠦᠳᠡᠯᠦᠯᠴᠡᠬᠦ ︽ᠦᠨᠡᠨ ᠬᠠᠶᠢᠷ᠎ᠠ ᠡᠭᠦᠷᠢᠳᠡ ᠬᠦᠨᠳᠦᠳᠭᠡᠭᠳᠡᠨ ᠦᠷᠭᠦᠯᠵᠢᠯᠡᠭᠳᠡᠬᠦ︾ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠭᠦᠯᠪᠡ᠃ ᠬᠠᠨᠳᠢᠪᠯᠡᠭ᠌ᠴᠢ ᠶᠢᠨ ᠰᠠᠶᠢᠨ ᠦᠶᠯᠡ ᠠᠵᠢᠯᠯᠠᠭ᠎ᠠ ᠶᠢ ᠪᠠᠲᠤ ᠴᠡᠭᠡᠵᠢᠯᠡᠵᠦ ᠲᠠᠯᠠᠷᠬᠠᠨ᠂ ᠬᠠᠨᠳᠢᠪᠯᠡᠭ᠌ᠴᠢ ᠶᠢᠨ ᠰᠠᠶᠢᠨ ᠦᠶᠯᠡ ᠠᠵᠢᠯᠯᠠᠭ᠎ᠠ ᠶᠢ ᠰᠠᠨᠠᠭᠠᠴᠢᠯᠠᠵᠤ᠂ ︽ᠬᠥᠮᠥᠡᠯᠢᠭ ᠶᠤᠰᠤ᠂ ᠲᠦᠭᠡᠮᠡᠯ ᠬᠠᠶᠢᠷ᠎ᠠ᠂ ᠬᠠᠷᠠᠮ ᠦᠭᠡᠢ ᠵᠢᠳᠭᠦᠬᠦ︾ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠎ᠠ᠃
   ᠹᠧᠩᠵᠧᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠮᠣ ᠡᠯᠧᠺᠲᠷᠣᠨ ᠳᠡᠯᠭᠡᠴᠡ ᠳᠤ ᠳᠤᠷᠠᠰᠤᠨ ᠰᠠᠨᠠᠭᠠᠯᠵᠠᠬᠤ ᠠᠵᠢᠯᠯᠠᠭ᠎ᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ ᠢ ᠡᠭᠡᠯᠵᠢᠯᠡᠨ ᠨᠠᠪᠲᠠᠷᠡᠭᠦᠯᠵᠦ᠂ ᠡᠷᠬᠡᠲᠡᠨ ᠢᠶᠠᠨ ᠬᠠᠨᠳᠢᠪᠯᠠᠭᠰᠠᠳ ᠤᠨ ᠥᠭᠡᠷ᠎ᠡ ᠨᠢᠭᠡ ᠵᠦᠢᠯ ᠤᠨ ᠬᠡᠯᠪᠡᠷᠢ ᠪᠠᠷ ᠠᠮᠢ ᠨᠠᠰᠤ ᠪᠠᠨ ᠦᠷᠭᠦᠯᠵᠢᠯᠡᠭᠦᠯᠦᠭᠰᠡᠨ ᠰᠡᠳᠬᠢᠯ ᠬᠥᠳᠡᠯᠭᠡᠮ᠎ᠡ ᠦᠯᠢᠭᠡᠷ ᠢ ᠳᠡᠯᠭᠡᠨ ᠦᠵᠡᠭᠦᠯᠪᠡ︔ ᠰᠤᠷᠭᠠᠭᠤᠯᠢ ᠶᠢᠨ ᠬᠦᠷᠢᠶᠡᠨ ᠤ ᠬᠤᠷᠠᠯ ᠤᠨ ᠲᠠᠯᠠᠪᠠᠶ ᠳᠤ ︽ᠲᠡᠭᠦᠰᠬᠦ ᠴᠠᠭ ᠠᠴᠠ  ᠲᠠᠬᠢᠨ ᠡᠬᠢᠯᠡᠨ᠎ᠡ︾ ᠭᠡᠬᠦ ᠭᠤᠣᠯ ᠰᠡᠳᠦᠪᠲᠦ ᠰᠢᠷᠢᠰ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠭᠠᠷᠭᠠᠵᠤ᠂ ᠰᠣᠷᠣᠭᠴᠢ ᠶᠢᠨ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠳᠡᠯᠭᠡᠨ ᠦᠵᠡᠭᠦᠯᠪᠡ︔ ᠭᠠᠷ ᠤᠨ ᠦᠰᠦᠭ ᠵᠢᠷᠤᠭᠰᠠᠨ ᠬᠡᠷᠡᠮ ᠤᠨ ᠡᠮᠦᠨ᠎ᠡ᠂ ᠤᠯᠠᠭᠠᠨ ᠵᠠᠭᠠᠯᠮᠠᠶᠢᠳᠠᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠪᠣᠯᠣᠨ ᠰᠤᠷᠭᠠᠭᠤᠯᠢ ᠶᠢᠨ ᠪᠠᠭᠰᠢ ᠰᠤᠷᠤᠭᠴᠢᠳ ︽ᠬᠥᠮᠦᠯᠢᠭ ᠦᠵᠡᠯ ᠲᠦᠭᠡᠮᠡᠯ ᠬᠠᠶᠢᠷ᠎ᠠ ᠬᠠᠷᠠᠮ ᠦᠭᠡᠢ ᠵᠢᠳᠭᠦᠬᠦ︾ ᠭᠡᠬᠦ ᠦᠰᠦᠭ ᠢ ᠲᠥᠪ ᠬᠢᠴᠢᠶᠡᠩᠭᠦᠢ ᠪᠠᠷ ᠪᠢᠴᠢᠭᠯᠡᠪᠡ︔ ᠰᠠᠶᠢᠨ ᠳᠤᠷ᠎ᠠ ᠶᠢᠨ ᠠᠵᠢᠯᠯᠠᠭᠴᠢ ᠭᠠᠷ ᠲᠠᠭᠠᠨ ᠤᠷᠢᠶ᠎ᠠ ᠯᠣᠽᠦ᠋ᠩ ᠤᠨ ᠫᠠᠶᠢᠰᠠ ᠪᠠᠷᠢᠵᠤ᠂ ᠬᠦᠯᠢᠴᠡᠩᠭᠦᠢ ᠪᠠᠷ ᠬᠥᠲᠥᠯᠥᠨ ᠵᠢᠯᠤᠭᠤᠳᠴᠤ ᠯᠠᠪᠯᠠᠪᠠ᠃ ᠲᠤᠰᠬᠠᠢ ᠲᠣᠬᠢᠷᠠᠭᠤᠯᠤᠭᠰᠠᠨ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠲᠠᠪᠴᠠᠩ ᠤᠨ ᠡᠮᠦᠨ᠎ᠡ᠂ ᠲᠤᠰᠬᠠᠢ ᠮᠡᠷᠭᠡᠵᠢᠯ ᠤᠨ ᠠᠵᠢᠯᠲᠠᠳ ᠪᠠᠭᠰᠢ ᠰᠤᠷᠤᠭᠴᠢᠳ ᠵᠢᠴᠢ ᠬᠤᠷᠠᠯ ᠳᠤ ᠣᠷᠣᠯᠴᠠᠭᠰᠠᠳ ᠲᠤ ᠬᠠᠨᠳᠢᠪᠯᠡᠬᠤ ᠮᠡᠳᠡᠯᠭᠡ ᠪᠠ ᠳᠡᠩᠰᠡᠯᠡᠨ ᠲᠡᠮᠳᠡᠭᠯᠡᠬᠦ ᠠᠯᠬᠤᠮ ᠳᠠᠷᠠᠭ᠎ᠠ ᠶᠢ ᠬᠠᠯᠠᠭᠤᠨ ᠢᠶᠠᠷ ᠲᠠᠶᠢᠯᠪᠤᠷᠢᠯᠠᠨ ᠥᠭᠴᠦ᠂ ᠣᠯᠠᠨ ᠢ ᠳᠠᠶᠢᠴᠢᠯᠠᠨ ᠬᠥᠮᠥᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠡᠬᠤ ᠬᠠᠶᠢᠷ᠎ᠠ ᠬᠠᠯᠠᠮᠵᠢ ᠶᠢᠨ ᠡᠩᠨᠡᠭᠡ ᠳᠤ ᠣᠷᠣᠯᠴᠠᠭᠤᠯᠪᠠ︔ ᠬᠤᠲᠠ ᠶᠢᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠤᠷᠠᠨ ᠪᠢᠴᠢᠯᠭᠡ ᠳᠤ ᠪᠠᠭ᠋ᠠᠲᠠᠢ ᠬᠥᠮᠥᠰ ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠠᠷᠠᠮ ᠦᠭᠡᠢ ᠵᠢᠳᠬᠦᠬᠦ︾᠂ ︽ᠬᠥᠮᠥᠡᠯᠢᠭ ᠶᠣᠰᠣᠨ ᠤ ᠤᠮᠠᠷᠠᠲᠤ ᠬᠢᠯᠢ︾ ᠵᠡᠷᠭᠡ ᠤᠷᠠᠨ ᠪᠢᠴᠢᠯᠭᠡ ᠶᠢᠨ ᠪᠦᠲᠦᠭᠡᠯ ᠢ ᠪᠢᠴᠢᠵᠦ᠂ ᠪᠢᠷ ᠪᠡᠬᠡᠰ ᠤᠨ ᠬᠠᠶᠢᠷ᠎ᠠ ᠰᠡᠳᠬᠢᠯᠭᠡ ᠪᠠᠷ ᠠᠮᠢ ᠨᠠᠰᠤᠨ ᠤ ᠦᠨ᠎ᠡ ᠥᠷᠲᠡᠭ ᠢ ᠤᠯᠠᠮᠵᠢᠯᠠᠨ ᠵᠠᠯᠭᠠᠮᠵᠢᠯᠠᠵᠤ᠂ ᠬᠠᠨᠳᠢᠪᠯᠠᠭᠰᠠᠳ ᠢ ᠮᠥᠷᠥᠭᠡᠳᠦᠨ ᠰᠠᠨᠠᠭᠠᠯᠵᠠᠪᠠ︔ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠭᠰᠢ ᠨᠠᠷ ᠵᠢᠷᠦᠬᠡ ᠠᠭᠤᠰᠬᠢᠨ ᠤ ᠰᠡᠷᠭᠦᠭᠡᠯᠲᠡ᠂ ᠠᠮᠢᠰᠬᠤᠯ ᠤᠨ ᠵᠠᠮ ᠤᠨ ᠬᠠᠷᠢ ᠪᠣᠳᠠᠰ ᠤᠨ ᠲᠦᠭᠵᠢᠷᠡᠯ ᠵᠡᠷᠭᠡ ᠲᠦᠷᠭᠡᠨ ᠠᠪᠤᠷᠠᠯᠳᠠ ᠶᠢᠨ ᠮᠡᠳᠡᠯᠭᠡ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠭᠰᠡᠨ ᠪᠥᠭᠡᠳ ᠰᠤᠷᠤᠭᠴᠢᠳ ᠲᠤ ᠵᠢᠱᠢᠶ᠎ᠡ ᠦᠵᠡᠭᠦᠯᠬᠦ ᠰᠣᠷᠢᠯᠲᠠ ᠬᠢᠪᠡ᠃
   ᠠᠵᠢᠯᠯᠠᠭ᠎ᠠ ᠶᠢᠨ ᠳᠤᠮᠳᠠ᠂ ᠬᠤᠷᠠᠯ ᠳᠤ ᠣᠷᠣᠯᠴᠠᠭᠰᠠᠳ ᠵᠢᠴᠢ ᠥᠷᠭᠡᠨ ᠤᠯᠠᠨ ᠪᠠᠭᠰᠢ ᠰᠤᠷᠤᠭᠴᠢᠳ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠲᠠᠨ ᠤ ᠳᠠᠭᠠᠭᠤᠯᠭ᠎ᠠ ᠪᠠᠷ᠂ ᠤᠯᠠᠭᠠᠨ ᠵᠠᠭᠠᠯᠮᠠᠶᠢᠳᠠᠨ ᠤ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ ᠢ ᠲᠣᠭᠤᠷᠢᠨ ᠦᠵᠡᠵᠦ᠂ ᠤᠯᠠᠭᠠᠨ ᠵᠠᠭᠠᠯᠮᠠᠶᠢᠳᠠᠨ ᠤ ᠮᠡᠳᠡᠯᠭᠡ ᠶᠢ ᠰᠤᠷᠤᠯᠴᠠᠵᠤ᠂ ᠠᠮᠢ ᠨᠠᠰᠤᠨ ᠤ ᠦᠨ᠎ᠡ ᠦᠷᠳᠡᠭ ᠢ ᠣᠶᠢᠯᠠᠭᠠᠨ᠂ ᠬᠠᠨᠳᠢᠪᠯᠠᠭᠰᠠᠳ ᠤᠨ ᠰᠠᠶᠢᠨ ᠦᠢᠯᠡ ᠠᠵᠢᠯᠯᠠᠭ᠎ᠠ ᠳᠤ ᠬᠦᠨᠳᠦᠳᠬᠡᠯ ᠳᠡᠪᠰᠢᠭᠦᠯᠵᠦ᠂ ᠬᠠᠶᠢᠷ᠎ᠠ ᠪᠣᠯᠣᠨ ᠬᠠᠨᠳᠢᠪ ᠤᠨ ᠦᠷ᠎ᠡ ᠶᠢ ᠬᠥᠮᠥᠨ ᠪᠦᠬᠦᠨ ᠤ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠦᠷᠭᠦᠯᠵᠢᠯᠡᠨ ᠤᠯᠠᠮᠵᠢᠯᠠᠪᠠ᠃
   ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠬᠤᠲᠠ ᠶᠢᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ᠂ ᠬᠤᠲᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ᠂ ᠹᠧᠩᠵᠧᠨ ᠨᠢᠭᠡᠳᠦᠭᠡᠷ ᠳᠤᠮᠳᠠᠳᠤ ᠰᠤᠷᠭᠠᠭᠤᠯᠢ᠂ ᠹᠧᠩᠵᠧᠨ ᠵᠢᠷᠭᠤᠳᠤᠭᠠᠷ ᠳᠤᠮᠳᠠᠳᠤ ᠰᠤᠷᠭᠠᠭᠤᠯᠢ ᠵᠢᠴᠢ ᠡᠯ᠎ᠡ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢ᠂ ᠬᠤᠲᠠ ᠶᠢᠨ ᠵᠢᠷᠤᠮ ᠤᠨ ᠠᠵᠢᠯᠴᠢᠨ ᠤ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠬᠤᠲᠠ ᠶᠢᠨ ᠯᠠᠨ ᠲᠢᠶᠠᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ  ᠠᠷᠭᠠᠴᠠᠭᠠᠵᠤ ᠠᠪᠤᠷᠠᠨ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠬᠤᠲᠠ ᠶᠢᠨ ᠤᠯᠠᠭᠠᠨ ᠵᠠᠭᠠᠯᠮᠠᠶᠢᠲᠠᠨ ᠤ ︽ᠭᠤᠷᠪᠠ ᠶᠢ ᠬᠠᠨᠳᠢᠪᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠬᠢᠨ ᠬᠠᠮᠳᠤᠪᠠᠷ ᠬᠥᠮᠥᠨ ᠤ ᠪᠡᠶ᠎ᠡ ᠶᠢᠨ ᠡᠷᠬᠡᠲᠡᠨ ᠢᠶᠠᠨ ᠡᠷᠭᠦᠭᠰᠡᠳ ᠲᠤ ᠬᠦᠨᠳᠦᠳᠬᠡᠯ ᠳᠡᠪᠰᠢᠭᠦᠯᠵᠦ᠂ ᠠᠮᠢ ᠨᠠᠰᠤᠨ ᠤ ᠪᠤᠤᠬᠢᠶ᠎ᠠ ᠬᠦᠴᠦᠨ ᠤ ᠬᠠᠯᠠᠭᠤᠨ ᠳᠤᠯᠠᠭᠠᠨ ᠢ ᠳᠠᠮᠵᠢᠭᠤᠯᠪᠠ᠃        ᠵᠣᠬᠢᠶᠠᠭᠴᠢ᠄ ᠵᠢᠶᠠ ᠯᠢ  ᠸᠠᠩ ᠨᠢᠩ ᠪᠦᠸᠧ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ  ᠵᠧᠦ ᠵᠢᠶᠦ᠋ᠨ ᠫᠢᠩ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3