| ᠪᠥᠬᠦ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠵᠢᠴᠢ ᠥᠷᠭᠡᠨ ᠣᠯᠠᠨ ᠺᠠᠳ᠋ᠷ ᠠᠵᠢᠯᠲᠠᠨ | ᠠᠵᠢᠯᠴᠢᠨ ᠳᠤ᠄ | 3 ᠰᠠᠷ᠎ᠠ ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ ᠭᠤᠴᠢᠨ ᠨᠠᠢᠮᠠᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠤᠰᠤᠨ ᠤ ᠭᠠᠷᠠᠭ ᠪᠠᠶᠢᠵᠤ᠂ ︽ᠤᠰᠤᠨ ᠠᠰᠢᠭᠯᠠᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠵᠤ᠂ ᠮᠠᠨ ᠤ ᠤᠯᠤᠰ ᠤᠨ ᠤᠰᠤᠨ ᠤ ᠠᠮᠤᠷ ᠲᠦᠪᠰᠢᠨ ᠢ ᠪᠠᠳᠤᠯᠠᠬᠤ︾ ᠪᠠᠷ | ᠭᠤᠤᠯ ᠰᠡᠳᠦᠪ ᠢᠶᠠᠨ ᠪᠤᠯᠭᠠᠪᠠ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠭᠤᠣᠯ ᠰᠡᠳᠦᠪ ᠨᠢ ︽ᠤᠰᠤ | ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤᠨ ᠤ ᠠᠮᠤᠷ ᠲᠦᠪᠰᠢᠨ ᠤ ᠪᠠᠲᠤ ᠪᠠᠬᠢ ᠪᠠᠲᠤᠯᠠᠭ᠎ᠠ ᠶᠢ | ᠬᠠᠩᠭᠠᠬᠤ︾ ᠪᠤᠯᠤᠨ᠎ᠠ᠃ | ᠰᠢ ᠶᠢᠨ ᠫᠢᠩ ᠶᠡᠷᠦᠩᠬᠡᠢ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ | ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ | ᠰᠡᠳᠬᠢᠴᠡ ᠶᠢ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠠᠵᠢᠯᠯᠠᠭ᠎ᠠ ᠶᠢ | ᠢᠳᠡᠪᠬᠢᠲᠡᠢ ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠣᠯᠠᠨ | ᠨᠡᠶᠢᠲᠡ ᠶᠢᠨ ᠪᠠᠶᠢᠭᠤᠯᠤᠮᠵᠢ ᠶᠢᠨ ᠤᠰᠤ ᠠᠷᠪᠢᠯᠠᠬᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠦᠯᠦᠬᠡ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠪᠥᠬᠦ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢ | ᠵᠣᠬᠢᠶᠠᠨ ᠪᠠᠶᠢᠭᠤᠯᠤᠨ ᠳᠠᠶᠢᠴᠢᠯᠠᠵᠤ ︽ᠤᠰᠤ ᠶᠢ ᠠᠷᠪᠢᠯᠠᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢ ᠤᠷᠢᠳᠠᠪᠠᠷ | ᠬᠡᠷᠡᠭᠵᠢᠭᠦᠯᠬᠦ︾ ᠠᠵᠢᠯᠯᠠᠭ᠎ᠠ ᠶᠢ ᠦᠷᠨᠢᠬᠦᠯᠬᠦ ᠪᠠᠷ ᠪᠠᠶᠢᠬᠤ ᠤᠴᠢᠷ ᠠᠴᠠ ᠡᠳᠦᠭᠡ ᠳᠣᠣᠷᠠᠬᠢ ᠮᠡᠲᠦ ᠰᠠᠨᠠᠭᠠᠴᠢᠯᠠᠶ᠎ᠠ᠄ | | ᠨᠢᠭᠡ᠂ ᠤᠰᠤ ᠠᠷᠪᠢᠯᠠᠬᠤ ᠦᠵᠡᠯ ᠤᠬᠠᠮᠰᠠᠷ ᠢ ᠨᠡᠮᠡᠭᠳᠡᠭᠦᠯᠦᠨ᠎ᠡ᠃ | ᠤᠰᠤ ᠪᠣᠯ ᠲᠦᠮᠡᠨ ᠪᠣᠳᠠᠰ ᠤᠨ ᠡᠬᠡ᠂ ᠣᠷᠣᠰᠢᠨ ᠲᠣᠭᠲᠠᠨᠢᠬᠤ ᠶᠢᠨ ᠦᠨᠳᠦᠰᠦ᠂ ᠪᠣᠯᠪᠠᠰᠤᠨ ᠤ ᠡᠬᠢ | ᠰᠤᠷᠪᠤᠯᠵᠢ ᠪᠠᠶᠢᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠢᠨ ᠪᠡᠶ᠎ᠡ ᠪᠠᠷ ᠢᠶᠠᠨ ᠲᠦᠷᠦᠭᠦᠯᠡᠨ ᠤᠰᠤ | ᠠᠷᠪᠢᠯᠠᠵᠤ ᠬᠡᠷᠡᠭᠯᠡᠬᠦ ᠨᠢ ᠴᠢᠬᠤᠯᠠ ᠵᠢᠱᠢᠶ᠎ᠡ ᠦᠵᠡᠭᠦᠯᠬᠦ ᠠᠴᠢ ᠬᠤᠯᠪᠣᠭᠳᠠᠯ ᠲᠠᠢ᠃ ᠡᠯ᠎ᠡ ᠱᠠᠲᠤᠨ ᠤ ᠤᠯᠠᠨ | ᠨᠡᠶᠢᠲᠡ ᠶᠢᠨ ᠪᠠᠶᠢᠭᠤᠯᠤᠮᠵᠢ ᠪᠣᠯᠣᠨ ᠥᠷᠭᠡᠨ ᠤᠯᠠᠨ ᠺᠠᠳ᠋ᠷ ᠠᠵᠢᠯᠲᠠᠨ ᠠᠵᠢᠯᠴᠢᠳ ᠦᠵᠡᠯ ᠰᠠᠨᠠᠭ᠎ᠠ᠂ | ᠲᠠᠨᠢᠯᠲᠠ ᠶᠢᠨ ᠲᠠᠯ᠎ᠠ ᠪᠠᠷ ᠤᠰᠤ ᠠᠷᠪᠢᠯᠠᠬᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠤᠰᠤᠨ ᠤ ᠲᠤᠬᠠᠢ | ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠪᠣᠯᠣᠨ ᠤᠰᠤᠨ ᠤ ᠲᠦᠭᠰᠢᠭᠦᠷᠢ ᠶᠢᠨ ᠦᠵᠡᠯ ᠤᠬᠠᠮᠰᠠᠷ ᠢᠶᠠᠨ | ᠨᠡᠮᠡᠭᠳᠡᠭᠦᠯᠦᠨ᠂ ᠤᠰᠤ ᠶᠢ ᠠᠷᠪᠢᠯᠠᠵᠤ ᠬᠡᠷᠡᠭᠯᠡᠬᠦ ᠶᠢᠨ ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠣᠯᠣᠨ ᠬᠢᠨᠠᠯᠲᠠ | ᠲᠠᠯᠪᠢᠭᠴᠢ ᠪᠣᠯᠬᠤ ᠪᠠᠷ ᠴᠢᠷᠮᠠᠶᠢᠵᠤ᠂ ᠳᠡᠷᠭᠡᠳᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ | ᠬᠢᠵᠦ᠂ ᠪᠣᠯᠪᠠᠰᠤᠨ ᠠᠷᠭ᠎ᠠ ᠮᠠᠶ᠋ᠢᠭ ᠢᠶᠠᠷ ᠪᠤᠰᠤᠳ ᠢ ᠨᠥᠯᠥᠭᠡᠯᠡᠨ᠂ ᠪᠥᠬᠦ ᠨᠡᠶᠢᠭᠡᠮ ᠢ ᠬᠥᠲᠥᠯᠥᠨ ᠵᠢᠯᠤᠭᠤᠳᠴᠤ | ᠪᠠᠶᠢᠭᠠᠳ ᠤᠰᠤ ᠠᠷᠪᠢᠯᠠᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠣᠯᠣᠨ ᠰᠠᠶᠢᠨ ᠰᠠᠶᠢᠬᠠᠨ | ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠨ᠎ᠠ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ | ᠪᠠᠷᠢᠮᠲᠠᠯᠠᠨ ᠨᠠᠶᠢᠳᠠᠪᠤᠷᠢᠵᠢᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠤᠰᠤ | ᠠᠷᠪᠢᠯᠠᠬᠤ ᠤᠬᠠᠭᠤᠯᠭ᠎ᠠ ᠬᠥᠮᠦᠵᠢᠯ ᠢ ᠤᠯᠠᠨ ᠬᠡᠯᠪᠡᠷᠢ ᠤᠯᠠᠨ ᠲᠡᠰ ᠳᠠᠪᠬᠤᠷᠭ᠎ᠠ ᠪᠠᠷ ᠥᠷᠨᠢᠭᠦᠯᠵᠦ᠂ ᠤᠰᠤ | ᠠᠷᠪᠢᠯᠠᠬᠤ ᠬᠡᠪ ᠳᠠᠭᠤᠷᠢᠶᠠᠯ ᠢ ᠪᠤᠢ ᠪᠣᠯᠭᠠᠵᠤ᠂ ᠬᠥᠮᠥᠨ ᠪᠦᠬᠦᠨ᠂ ᠶᠠᠪᠤᠳᠠᠯ ᠪᠦᠬᠦᠨ᠂ ᠴᠠᠭ ᠢᠮᠠᠭᠲᠠ ᠭᠠᠵᠠᠷ | ᠪᠣᠯᠭᠠᠨ ᠳᠤ ᠤᠰᠤ ᠠᠷᠪᠢᠯᠠᠬᠤ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠎ᠠ᠃ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠭᠡᠷ ᠪᠦᠯᠢ᠂ ᠨᠡᠶᠢᠭᠡᠮ ᠲᠣᠭᠤᠷᠢᠭ ᠢ ᠳᠠᠶᠢᠴᠢᠯᠠᠨ ᠤᠰᠤ ᠠᠷᠪᠢᠯᠠᠬᠤ | ᠠᠵᠢᠯᠯᠠᠭ᠎ᠠ ᠳᠤ ᠣᠷᠣᠯᠴᠠᠭᠤᠯᠵᠤ᠂ ᠤᠰᠤ ᠠᠷᠪᠢᠯᠠᠬᠤ ᠪᠠ ᠤᠰᠤ ᠴᠡᠪᠡᠷᠰᠢᠭᠦᠯᠬᠦ ᠦᠵᠡᠯᠲᠡ ᠶᠢ ᠬᠦᠴᠦᠯᠡᠨ | ᠤᠬᠠᠭᠤᠯᠵᠤ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠰᠢᠰᠲ᠋ᠧᠮᠵᠢᠭᠦᠯᠬᠦ᠂ ᠪᠠᠶᠢᠩᠭᠤᠵᠢᠭᠤᠯᠬᠤ᠂ | ᠨᠡᠶᠢᠭᠡᠮᠴᠢᠯᠡᠬᠦ ᠶᠢ ᠲᠦᠯᠬᠢᠨ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠤᠰᠤ ᠶᠢ ᠳᠣᠲᠣᠨᠣᠴᠢᠯᠠᠬᠤ᠂ ᠤᠰᠤ ᠶᠢ | ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠎ᠠ᠃ | ᠬᠤᠶᠠᠷ᠂ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 2024 ᠣᠨ ᠳᠤ᠂ ᠪᠥᠬᠦ ᠣᠷᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠲᠤᠭ᠎ᠠ ᠬᠡᠮᠵᠢᠶ᠎ᠡ 19000 | ᠶᠢ ᠳᠠᠪᠠᠵᠤ᠂ ᠲᠤᠭ᠎ᠠ ᠬᠡᠮᠵᠢᠶ᠎ᠡ ᠨᠢ ᠯᠤᠲᠤ ᠶᠡᠭᠡ᠂ ᠲᠥᠷᠥᠯ ᠬᠡᠯᠪᠡᠷᠢ ᠨᠢ ᠣᠯᠠᠨ ᠶᠠᠩᠵᠤ ᠶᠢᠨ᠂ ᠤᠰᠤ ᠬᠡᠷᠡᠭᠯᠡᠬᠦ | ᠬᠡᠮᠵᠢᠶ᠎ᠡ ᠨᠢ ᠶᠡᠭᠡ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ ᠪᠠᠶᠢᠵᠤ᠂ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ ᠣᠷᠣᠨ ᠤ ᠤᠰᠤ | ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠬᠤ ᠪᠥᠭᠡᠳ ᠪᠠᠰᠠ ᠪᠥᠬᠦ ᠨᠡᠶᠢᠭᠡᠮ ᠤᠨ | ᠤᠰᠤ ᠠᠷᠪᠢᠯᠠᠬᠤ ᠠᠵᠢᠯ ᠢ ᠳᠠᠶᠢᠴᠢᠯᠠᠨ ᠭᠦᠨᠵᠡᠭᠡᠢ ᠥᠷᠨᠢᠭᠦᠯᠬᠦ ᠶᠢᠨ ᠴᠢᠬᠤᠯᠠ ᠭᠠᠷᠳᠠᠴᠠ ᠪᠣᠯᠣᠨ᠎ᠠ᠃ ᠡᠯ᠎ᠡ | ᠱᠠᠲᠤᠨ ᠤ ᠤᠯᠠᠨ ᠨᠡᠶᠢᠲᠡ ᠶᠢᠨ ᠪᠠᠶᠢᠭᠤᠯᠤᠮᠵᠢ ᠨᠤᠭᠤᠳ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠᠷ ᠬᠠᠷᠠᠯᠲᠠ ᠪᠣᠯᠭᠠᠨ᠂ ᠤᠰᠤ ᠬᠡᠷᠡᠭᠯᠡᠬᠦ ᠭᠤᠣᠯᠳᠠᠯᠭ᠎ᠠ ᠲᠠᠢ | ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠤᠰᠤ ᠠᠷᠪᠢᠯᠠᠬᠤ ᠳᠦᠷᠢᠮ ᠤᠨ | ᠪᠠᠷᠢᠮᠵᠢᠶ᠎ᠠ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠤᠰᠤ ᠠᠷᠪᠢᠯᠠᠬᠤ ᠥᠭᠡᠷᠡᠴᠢᠯᠡᠯᠲᠡ ᠶᠢ ᠢᠳᠡᠪᠬᠢᠲᠡᠢ | ᠥᠷᠨᠢᠭᠦᠯᠦᠨ᠂ ᠤᠰᠤ ᠠᠷᠪᠢᠯᠠᠬᠤ ᠰᠢᠨ᠎ᠡ ᠮᠡᠷᠭᠡᠵᠢᠯ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠤᠰᠤᠨ ᠤ | ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠰᠡᠷᠭᠡᠶᠢᠯᠡᠵᠦ᠂ ᠤᠰᠤᠨ ᠤ ᠡᠬᠢ ᠪᠠᠶᠠᠯᠢᠭ ᠤᠨ ᠬᠤᠷᠣᠭᠳᠠᠯ ᠢ | ᠪᠠᠭᠠᠰᠬᠠᠨ᠎ᠠ︔ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠤᠮᠳᠠᠬᠢ ᠤᠰᠤ ᠶᠢ ᠡᠭᠡᠭᠦᠯᠦᠨ | ᠬᠡᠷᠡᠭᠯᠡᠬᠦ᠂ ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠬᠤ ᠠᠵᠢᠯ ᠢ ᠥᠷᠨᠢᠭᠦᠯᠵᠦ᠂ ᠤᠰᠤᠨ ᠤ ᠡᠬᠢ ᠪᠠᠶᠠᠯᠢᠭ ᠢ | ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠲᠤ | ᠰᠢᠨ᠎ᠡ ᠶᠢ ᠡᠭᠦᠳᠴᠦ᠂ ᠵᠠᠬ᠎ᠠ ᠳᠡᠯᠭᠡᠭᠦᠷᠴᠢᠯᠡᠬᠦ ᠲᠣᠭᠲᠠᠴᠠ ᠶᠢ ᠰᠦᠪᠡᠭᠴᠢᠯᠡᠨ ᠬᠡᠷᠡᠭᠯᠡᠵᠦ᠂ ᠨᠡᠶᠢᠭᠡᠮ ᠤᠨ ᠪᠡᠯᠡ | ᠮᠥᠩᠭᠦ ᠶᠢ ᠣᠷᠣᠭᠤᠯᠤᠨ ᠠᠪᠴᠢᠷᠠᠵᠤ ᠤᠰᠤ ᠠᠷᠪᠢᠯᠠᠬᠤ ᠭᠡᠷᠡᠲᠦ ᠲᠥᠷᠥᠯ ᠵᠦᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠤᠰᠤ ᠠᠷᠪᠢᠯᠠᠬᠤ ᠰᠢᠨ᠎ᠡ ᠠᠷᠭ᠎ᠠ ᠵᠠᠮ ᠢ ᠴᠢᠷᠮᠠᠶᠢᠨ ᠨᠡᠭᠡᠭᠡᠵᠦ᠂ ᠵᠠᠰᠠᠭ ᠤᠨ ᠣᠷᠳᠣᠨ ᠠᠴᠠ | ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠣᠯᠠᠨ | ᠲᠠᠯ᠎ᠠ ᠪᠠᠷ ᠬᠦᠴᠦᠯᠡᠬᠦ ᠠᠵᠢᠯ ᠤᠨ ᠪᠠᠶᠢᠷᠢᠰᠢᠯ ᠢ ᠢᠳᠡᠪᠬᠢᠲᠡᠢ ᠪᠠᠷ ᠪᠠᠶᠢᠭᠤᠯᠤᠨ᠎ᠠ᠃ | ᠭᠤᠷᠪᠠ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ | ᠬᠥᠮᠥᠨ ᠤᠯᠠᠨ ᠤᠰᠤ ᠪᠠᠭ᠎ᠠ᠂ ᠤᠰᠤᠨ ᠤ ᠡᠬᠢ ᠪᠠᠶᠠᠯᠢᠭ ᠤᠨ ᠴᠠᠭ ᠬᠤᠭᠤᠴᠠᠭ᠎ᠠ ᠪᠠ ᠣᠷᠣᠨ ᠵᠠᠢ ᠶᠢᠨ | ᠲᠠᠷᠬᠠᠯᠲᠠ ᠲᠡᠭᠰᠢ ᠪᠤᠰᠤ ᠪᠠᠶᠢᠬᠤ ᠪᠣᠯ ᠮᠠᠨ ᠤ ᠤᠯᠤᠰ ᠤᠨ ᠦᠨᠳᠦᠰᠦᠨ ᠤᠰᠤᠨ ᠤ ᠪᠠᠶᠢᠳᠠᠯ ᠪᠣᠯᠣᠨ᠎ᠠ᠂ | ᠤᠰᠤᠨ ᠤ ᠡᠬᠢ ᠪᠠᠶᠠᠯᠢᠭ ᠳᠤᠲᠠᠭᠳᠠᠬᠤ ᠨᠢ ᠨᠢᠭᠡᠨᠲᠡ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ | ᠪᠠᠶᠢᠭ᠎ᠠ ᠬᠦᠨᠳᠦ ᠨᠣᠴᠢᠲᠠᠢ ᠠᠮᠤᠷ ᠲᠦᠪᠰᠢᠨ ᠤ ᠠᠰᠠᠭᠤᠳᠠᠯ ᠤᠴᠢᠷ ᠠᠴᠠ ᠡᠯ᠎ᠡ ᠱᠠᠲᠤᠨ ᠤ ᠤᠯᠠᠨ ᠨᠡᠶᠢᠲᠡ ᠶᠢᠨ | ᠪᠠᠶᠢᠭᠤᠯᠤᠮᠵᠢ ᠨᠤᠭᠤᠳ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠨᠵᠡᠭᠡᠢ | ᠲᠠᠨᠢᠵᠤ᠂ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠪᠠᠷ ᠨᠠᠶᠢᠳᠠᠪᠤᠷᠢᠵᠢᠭᠤᠯᠵᠤ᠂ | ᠤᠰᠤ ᠠᠷᠪᠢᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ | ᠨᠤᠷᠮ᠎ᠠ ᠲᠣᠭᠲᠠᠭᠠᠨ ᠬᠠᠮᠢᠶᠠᠷᠬᠤ᠂ ᠥᠨᠳᠥᠷ ᠦᠷ᠎ᠡ ᠪᠦᠲᠦᠮᠵᠢᠲᠡᠶ ᠠᠰᠢᠭᠯᠠᠬᠤ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠬᠤ᠂ ᠬᠠᠮᠵᠢᠯᠴᠠᠨ ᠣᠷᠣᠯᠴᠠᠬᠤ ᠵᠠᠷᠴᠢᠮ ᠢ ᠵᠢᠷᠤᠮᠯᠠᠨ᠂ ᠤᠰᠤ ᠬᠡᠷᠡᠭᠯᠡᠬᠦ ᠰᠠᠭᠤᠷᠢ | ᠪᠡᠯᠡᠳᠬᠡᠮᠵᠢ ᠶᠢᠨ ᠳᠤᠲᠠᠭᠳᠠᠯ ᠢ ᠨᠦᠬᠦᠪᠦᠷᠢᠯᠡᠬᠦ ᠴᠢᠬᠤᠯᠠᠳᠠᠢ︔ ᠤᠰᠤ ᠠᠷᠪᠢᠯᠠᠬᠤ ᠠᠵᠢᠯ ᠤᠨ ᠬᠠᠷᠠᠯᠲᠠᠲᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ | ᠠᠵᠢᠯ ᠤᠨ ᠨᠡᠶᠢᠯᠡᠯ ᠬᠦᠴᠦᠨ ᠢ ᠪᠤᠢ ᠪᠣᠯᠭᠠᠵᠤ᠂ ᠡᠯ᠎ᠡ ᠵᠦᠢᠯ ᠤᠨ ᠤᠰᠤ ᠠᠷᠪᠢᠯᠠᠬᠤ ᠠᠵᠢᠯ ᠤᠨ ᠭᠦᠨᠵᠡᠭᠡᠶᠢᠷᠡᠨ | ᠬᠥᠭᠵᠢᠬᠦ ᠶᠢ ᠯᠠᠪᠳᠠᠭᠤᠨ ᠪᠥᠭᠡᠳ ᠪᠦᠲᠦᠮᠵᠢᠲᠡᠶ ᠪᠠᠷ ᠲᠦᠯᠬᠢᠨ ᠠᠬᠢᠭᠤᠯᠤᠨ᠎ᠠ᠃ | ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠪᠣᠯ ᠪᠥᠬᠦ ᠲᠠᠯ᠎ᠠ ᠳᠤ ᠬᠤᠯᠪᠣᠭᠳᠠᠬᠤ᠂ ᠠᠯᠤᠰ | ᠬᠡᠲᠦ ᠶᠢ ᠨᠥᠯᠥᠭᠡᠯᠡᠬᠦ᠂ ᠦᠷ᠎ᠡ ᠬᠤᠶᠢᠴᠢᠰ ᠲᠠᠭᠠᠨ ᠠᠰᠢᠭ ᠬᠦᠷᠲᠡᠭᠡᠬᠦ ᠨᠢᠭᠡ ᠵᠦᠢᠯ ᠤᠨ ᠶᠡᠭᠡ ᠶᠠᠪᠤᠳᠠᠯ ᠮᠥᠨ᠂ | ᠪᠢᠳᠡ ᠤᠰᠤ ᠠᠷᠪᠢᠯᠠᠬᠤ ᠠᠵᠢᠯ ᠢ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠣᠷᠳᠣ ᠬᠤᠭᠤᠴᠠᠭ᠎ᠠ ᠪᠠᠷ ᠴᠢᠷᠮᠠᠶᠢᠨ | ᠠᠬᠢᠭᠤᠯᠵᠤ᠂ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠦᠨ᠂ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ | ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠦᠴᠦᠨ | ᠴᠢᠳᠠᠯ ᠢᠶᠠᠨ ᠴᠢᠷᠮᠠᠶᠢᠨ ᠨᠡᠮᠡᠷᠢᠯᠡᠶ᠎ᠡ︕ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |