| 3 ᠰᠠᠷ᠎ᠠ ᠶᠢᠨ 24 ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠲᠥᠪ ᠬᠤᠷᠢᠶᠠᠨ ᠤ ᠨᠠᠢᠮᠠᠨ | ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ᠃ | | ᠬᠤᠷᠠᠯ ᠳᠡᠭᠡᠷ᠎ᠡ᠂ ᠳᠡᠭᠡᠳᠦ ᠱᠠᠲᠤᠨ ᠤ ᠱᠠᠭᠠᠷᠳᠠᠯᠭ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠰ | ᠨᠢᠭᠡᠴᠡ ᠶᠢᠨ ᠢᠶᠠᠨ ᠰᠤᠷᠤᠯᠴᠠᠯᠭ᠎ᠠ ᠶᠢᠨ ᠲᠣᠬᠢᠷᠠᠭᠤᠯᠤᠯᠲᠠ ᠶᠢ ᠰᠤᠳᠤᠯᠤᠨ ᠬᠢᠨᠠᠨ ᠲᠣᠭᠲᠠᠭᠠᠪᠠ᠃ ᠲᠣᠪᠴᠢᠶ᠎ᠠ ᠶᠢᠨ | ᠡᠯ᠎ᠡ ᠰᠠᠯᠠᠭ᠎ᠠ ᠲᠠᠰᠤᠭ᠂ ᠲᠠᠰᠤᠭ ᠤᠨ ᠡᠩᠨᠡᠭᠡ ᠵᠢᠴᠢ ᠨᠠᠮ ᠤᠨ ᠡᠭᠦᠷ ᠤᠨ ᠰᠤᠷᠤᠯᠴᠠᠯᠭ᠎ᠠ ᠬᠥᠮᠦᠵᠢᠯ ᠤᠨ ᠠᠵᠢᠯ ᠢ | ᠲᠣᠬᠢᠷᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠄ ᠲᠣᠪᠴᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ | ᠰᠤᠷᠤᠯᠴᠠᠯᠭ᠎ᠠ ᠬᠥᠮᠦᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠪᠠᠶᠢᠳᠠᠯ ᠡᠭᠦᠷᠭᠡ ᠲᠠᠢ ᠤᠶᠠᠯᠳᠤᠭᠤᠯᠵᠤ᠂ ᠮᠠᠯ ᠠᠵᠤ ᠠᠬᠤᠢ ᠲᠠᠷᠢᠶᠠᠯᠠᠩ | ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠤᠷᠲᠠᠯ ᠤᠨ ᠪᠠᠶᠢᠭᠤᠯᠤᠯᠲᠠ ᠶᠢ ᠠᠳᠬᠤᠭᠰᠠᠨ | ᠪᠣᠳᠠᠲᠠᠢ ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠨᠡᠪᠳᠡᠷᠡᠳᠡᠯ᠎ᠠ ᠣᠶᠢᠯᠠᠭᠠᠵᠤ᠂ ᠬᠤᠯᠪᠣᠭᠳᠠᠯ ᠪᠦᠬᠦᠢ ᠰᠠᠬᠢᠯᠭ᠎ᠠ | ᠪᠠᠲᠤ ᠶᠢᠨ ᠰᠢᠢᠳᠭᠡᠯ ᠥᠭᠬᠦ ᠳᠦᠷᠢᠮ ᠲᠣᠭᠲᠠᠭᠠᠯ ᠢ ᠡᠵᠡᠮᠰᠢᠵᠦ᠂ ᠠᠰᠠᠭᠤᠳᠠᠯ ᠢ ᠪᠠᠶᠢᠴᠠᠭᠠᠨ ᠳᠡᠯᠭᠡᠬᠦ᠂ | ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠬᠤ | ᠬᠡᠷᠡᠭᠲᠡᠢ︔ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ︽ᠨᠢᠭᠡ ᠭᠤᠣᠯ ᠰᠢᠵᠢᠮ ᠢ | ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︿ᠲᠠᠪᠤᠨ ᠶᠡᠭᠡ ᠡᠭᠦᠷᠭᠡ﹀ ᠶᠢ ᠪᠡᠶᠡᠯᠡᠭᠦᠯᠵᠦ᠂ | ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠳᠤ ᠬᠦᠴᠦᠲᠡᠢ | ᠪᠠᠲᠤᠯᠠᠭ᠎ᠠ ᠬᠠᠩᠭᠠᠬᠤ ᠬᠡᠷᠡᠭᠲᠡᠢ︔ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ | ᠡᠰᠡᠷᠭᠦᠴᠡᠬᠦ ᠶᠢ ᠲᠤᠭᠤᠰᠢᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ | ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠢ᠃ | | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |