ᠹᠧᠩᠵᠧᠨ ᠬᠤᠲᠠ ᠶᠢᠨ ᠬᠥᠳᠡᠭᠡ ᠲᠣᠰᠬᠤᠨ ᠤ ᠢᠳᠡᠭᠡᠮᠵᠢ ᠶᠢᠨ ᠬᠤᠯᠪᠣᠭᠠᠲᠤ ᠬᠤᠷᠰᠢᠶ᠎ᠠ᠄ ︽ᠮᠥᠩᠭᠦᠨ ᠭᠦᠢᠯᠭᠡᠭᠡᠨ ᠤ ᠰᠠᠭᠤᠷᠢ ᠪᠣᠷᠳᠣᠭᠤᠷ︾ ᠢ ᠭᠦᠢᠴᠡᠳ ᠤᠷᠤᠭᠤᠯᠵᠤ ︽ᠮᠥᠩᠭᠦᠨ ᠭᠦᠢᠯᠭᠡᠭᠡᠨ ᠤ ᠠᠮᠢᠳᠤ ᠤᠰᠤ︾ ᠶᠢ ᠰᠠᠴᠤᠨ᠎ᠠ
ᠨᠡᠶᠢᠲᠡᠯᠡᠭᠰᠡᠨ ᠴᠠᠭ᠄
2025/3/28
   ᠣᠳᠣᠬᠠᠨ ᠳᠤ᠂ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ︽ᠰᠢᠵᠢᠷ ᠠᠯᠲᠠᠨ ᠴᠠᠭ ᠦᠶ᠎ᠡ︾ ᠪᠠᠶᠢᠵᠤ᠂ ᠹᠧᠩᠵᠧᠨ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠢᠨ ᠢᠳᠡᠪᠬᠢᠲᠡᠢ ᠪᠠᠷ ᠠᠵᠢᠯᠯᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠴᠠᠭ ᠤᠨ ᠡᠷᠲᠡ ᠠᠴᠠ ᠠᠷᠭ᠎ᠠ ᠰᠦᠪᠡᠭᠴᠢᠯᠡᠨ ᠪᠠᠶᠢᠷᠢᠯᠠᠭᠤᠯᠵᠤ ᠬᠦᠳᠡᠯᠦᠯᠴᠡᠨ᠂ ︽ᠮᠥᠩᠭᠦᠨ ᠭᠦᠢᠯᠭᠡᠭᠡᠨ ᠤ ᠰᠠᠭᠤᠷᠢ ᠪᠣᠷᠳᠣᠭᠤᠷ︾ ᠢ ᠭᠦᠢᠴᠡᠳ ᠤᠷᠤᠭᠤᠯᠵᠤ᠂ ︽ᠮᠥᠩᠭᠦᠨ ᠭᠦᠢᠯᠭᠡᠭᠡᠨ ᠤ ᠠᠮᠢᠳᠤ ᠤᠰᠤ︾ ᠶᠢ ᠰᠠᠴᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢ ᠬᠦᠴᠦᠲᠡᠢ ᠬᠠᠩᠭᠠᠵᠤ ᠪᠠᠶᠢᠨ᠎ᠠ᠃
   3 ᠰᠠᠷ᠎ᠠ ᠶᠢᠨ 27 ᠤ ᠡᠳᠦᠷ ᠰᠤᠷᠪᠤᠯᠵᠢᠯᠠᠭᠴᠢ ᠹᠧᠩᠵᠧᠨ ᠬᠤᠲᠠ ᠶᠢᠨ ᠾᠧᠢ ᠲᠤ ᠲᠠᠢ ᠪᠠᠯᠭᠠᠰᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠳᠤ ᠠᠵᠢᠯᠲᠠᠳ ᠤᠨ ᠬᠠᠪᠤᠷ ᠤᠨ ᠲᠠᠷᠢᠶᠠᠯᠠᠭ᠎ᠠ ᠶᠢᠨ ᠵᠢᠭᠡᠯᠡᠯᠭᠡ  ᠪᠠᠷ ᠢᠷᠡᠭᠰᠡᠨ ᠣᠯᠠᠨ ᠲᠦᠮᠡᠨ ᠳᠤ ᠡᠯ᠎ᠡ ᠵᠦᠢᠯ ᠤᠨ ᠭᠠᠷ ᠭᠦᠢᠴᠡᠳᠬᠡᠯ ᠬᠢᠵᠦ ᠥᠭᠴᠦ ᠪᠠᠶᠢᠭ᠎ᠠ ᠶᠢ ᠣᠯᠵᠤ ᠬᠠᠷᠠᠪᠠ᠃ ᠣᠶᠢᠷ᠎ᠠ ᠶᠢᠨ ᠵᠢᠯ ᠳᠤ᠂ ᠹᠧᠩᠵᠧᠨ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ︽ᠬᠠᠪᠤᠷ ᠤᠨ ᠲᠠᠷᠢᠶᠠᠯᠠᠭ᠎ᠠ ᠶᠢᠨ ᠪᠡᠯᠡ ᠮᠥᠩᠭᠦ ᠶᠢ ᠤᠷᠢᠳᠠᠪᠠᠷ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠴᠢᠯᠡᠭᠡ ᠶᠢ ᠡᠷᠬᠡᠪᠰᠢ ᠤᠷᠢᠳᠠᠪᠠᠷ ᠪᠣᠳᠣᠯᠬᠢᠯᠠᠬᠤ︾ ᠵᠠᠷᠴᠢᠮ ᠢᠶᠠᠷ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠭᠡᠨ ᠵᠢᠭᠡᠯᠡᠯᠭᠡ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠡᠯᠡᠯᠭᠡ︾ ᠵᠡᠷᠭᠡ ᠣᠨᠴᠠᠯᠢᠭᠲᠤ ᠦᠢᠯᠡᠳᠬᠦᠨ ᠢ ᠵᠠᠬᠢᠶᠠᠯᠠᠨ ᠦᠢᠯᠡᠳᠴᠦ᠂ ᠠᠳᠠᠯᠢ ᠪᠤᠰᠤ ᠬᠡᠷᠡᠭᠯᠡᠭᠴᠢᠳ ᠤᠨ ᠵᠦᠷᠢᠶᠡᠴᠢᠯᠡᠭᠰᠡᠨ ᠬᠡᠷᠡᠭᠴᠡᠭᠡ ᠶᠢ ᠪᠦᠲᠦᠮᠵᠢᠲᠡᠶ ᠬᠠᠩᠭᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠹᠧᠩᠵᠧᠨ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠢᠨ ᠬᠠᠪᠤᠷ ᠤᠨ ᠲᠠᠷᠢᠶᠠᠯᠠᠭ᠎ᠠ ᠶᠢᠨ 1238 ᠡᠷᠦᠬᠡ ᠶᠢ ᠳᠡᠮᠵᠢᠵᠦ᠂ 18494 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠭᠰᠠᠨ ᠪᠠᠶᠢᠨ᠎ᠠ᠃
   ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠵᠡᠩᠨᠡᠯᠲᠡ ᠶᠢᠨ ᠲᠣᠣᠷ ᠴᠡᠭ ᠤᠨ ᠪᠦᠬᠦᠨ ᠢ ᠬᠠᠮᠤᠷᠬᠤ ᠳᠠᠪᠠᠭᠤᠯᠢᠭ ᠢ ᠪᠠᠳᠠᠷᠠᠭᠤᠯᠬᠤ ᠶᠢᠨ ᠲᠥᠯᠥᠭᠡ᠂ ︽ᠢᠨᠲ᠋ᠧᠷ ᠰᠦᠯᠵᠢᠶ᠎ᠡ + ᠮᠥᠩᠭᠦᠨ ᠭᠦᠢᠯᠭᠡᠭᠡ︾᠂ ︽ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡ + ᠰᠦᠯᠵᠢᠶᠡᠨ ᠳᠡᠭᠡᠷ᠎ᠡ ᠵᠢᠭᠡᠯᠡᠯᠭᠡ ᠭᠦᠢᠴᠡᠳᠬᠡᠬᠦ︾ ᠵᠠᠭᠪᠤᠷ ᠢ ᠪᠤᠢ ᠪᠣᠯᠭᠠᠵᠤ᠂ ᠵᠢᠭᠡᠯᠡᠯᠭᠡ ᠶᠢᠨ ᠡᠵᠡᠩᠨᠡᠯᠲᠡ ᠪᠣᠷᠣᠯᠠᠭᠤᠯᠤᠯᠲᠠ ᠶᠢ ᠥᠷᠭᠡᠳᠬᠡᠬᠦ ᠶᠠᠪᠤᠴᠠ ᠳᠠᠬᠢ ᠳᠤᠲᠠᠭᠳᠠᠯ ᠢ ᠨᠥᠬᠦᠪᠦᠷᠢᠯᠡᠨ᠎ᠡ᠃ ᠹᠧᠩᠵᠧᠨ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ pad ᠰᠢᠯᠵᠢᠮᠡᠯ ᠵᠢᠭᠡᠯᠡᠯᠭᠡ ᠶᠢ ᠠᠰᠢᠭᠯᠠᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ︽ᠲᠠᠷᠢᠶᠠᠨ ᠭᠠᠵᠠᠷ︾ ᠲᠤ ᠬᠦᠷᠭᠡᠵᠦ᠂ ᠲᠠᠷᠢᠶᠠᠴᠢᠨ ᠡᠷᠦᠬᠡ ᠶᠢ ᠳᠤᠲᠠᠭᠤ ᠭᠦᠶᠦᠯᠭᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ︽ᠡᠴᠦᠰ ᠤᠨ ᠨᠢᠭᠡ ᠺᠢᠯᠣᠮᠧᠲᠷ︾ ᠠᠴᠠ ︽ᠡᠴᠦᠰ ᠤᠨ ᠨᠢᠭᠡ ᠮᠧᠲᠷ︾ ᠪᠣᠯᠭᠠᠨ ᠤᠷᠲᠤᠳᠬᠠᠪᠠ᠃
   ᠳᠠᠷᠠᠭᠠᠴᠢ ᠶᠢᠨ ᠠᠯᠬᠤᠮ ᠳᠤ᠂ ᠹᠧᠩᠵᠧᠨ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠷᠢᠶᠠᠯᠠᠩ ᠲᠠᠷᠢᠶᠠᠴᠢᠨ ᠬᠦᠳᠡᠭᠡ ᠲᠤᠰᠬᠤᠨ᠂ ᠮᠠᠯ ᠠᠵᠤ ᠠᠬᠤᠢ ᠮᠠᠯᠴᠢᠨ ᠮᠠᠯᠵᠢᠬᠤ ᠣᠷᠣᠨ︾ ᠤ ᠬᠦᠷᠢᠶᠡᠨ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠤ ᠰᠢᠨ᠎ᠡ ᠶᠢ ᠡᠭᠦᠳᠴᠦ᠂  ᠹᠧᠩᠵᠧᠨ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠨᠡᠮᠡᠷᠢᠯᠡᠨ᠎ᠡ᠃       ᠵᠣᠬᠢᠶᠠᠭᠴᠢ᠄ ᠰᠢᠤᠸᠠᠨ ᠶᠠᠨ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ  ᠵᠧᠦ ᠵᠢᠶᠦ᠋ᠨ ᠫᠢᠩ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3