| ᠪᠥᠬᠦ ᠬᠤᠲᠠ ᠶᠢᠨ ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠡ᠄ | ᠣᠷᠣᠰᠢᠭᠤᠯᠭ᠎ᠠ ᠶᠢᠨ ᠥᠭᠡᠷᠡᠴᠢᠯᠡᠯᠲᠡ᠂ ᠪᠣᠯᠪᠠᠰᠤᠨ ᠢᠶᠠᠷ ᠪᠡᠯᠪᠡᠰᠦᠷᠡᠯ ᠢ ᠵᠠᠰᠠᠬᠤ ᠪᠣᠯ ᠲᠦᠭ ᠲᠦᠮᠡᠨ ᠠᠶᠢᠯ | ᠡᠷᠦᠬᠡ ᠳᠤ ᠬᠤᠯᠪᠣᠭᠳᠠᠵᠤ᠂ ᠣᠳᠣ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠣᠯᠭᠤᠬᠤ | ᠶᠠᠪᠤᠳᠠᠯ ᠮᠥᠨ᠃ ᠵᠠᠩ ᠳᠠᠳᠬᠠᠯ ᠢ ᠥᠭᠡᠷᠡᠴᠢᠯᠡᠬᠦ ᠠᠵᠢᠯ ᠢ ᠨᠡᠩ ᠭᠦᠨᠵᠡᠭᠡᠢ ᠲᠦᠯᠬᠢᠨ ᠠᠬᠢᠭᠤᠯᠵᠤ᠂ ᠬᠠᠭᠤᠴᠢᠨ | ᠶᠣᠰᠣ ᠪᠦᠳᠦᠭᠦᠯᠢᠭ ᠵᠠᠩᠰᠢᠯ ᠢ ᠠᠷᠢᠯᠭᠠᠵᠤ᠂ ᠨᠡᠶᠢᠭᠡᠮ ᠳᠠᠶᠠᠭᠠᠷ ᠲᠤ ᠬᠦᠨᠳᠦ ᠠᠷᠠᠴᠢᠯᠠᠵᠤ ᠬᠦᠩᠬᠡᠨ | ᠣᠷᠣᠰᠢᠭᠤᠯᠬᠤ᠂ ᠭᠠᠵᠠᠷ ᠭᠠᠮᠲᠠᠢ ᠠᠮᠢ ᠠᠬᠤᠢ ᠶᠢᠨ ᠣᠷᠣᠰᠢᠭᠤᠯᠭ᠎ᠠ ᠬᠢᠬᠦ ᠣᠷᠣᠰᠢᠭᠤᠯᠭ᠎ᠠ ᠶᠢᠨ ᠰᠢᠨ᠎ᠡ ᠰᠤᠷᠲᠠᠯ ᠢ | ᠰᠠᠨᠠᠭᠠᠴᠢᠯᠠᠬᠤ ᠶᠢᠨ ᠲᠦᠯᠦᠭᠡ᠂ ᠣᠨᠴᠠᠭᠠᠶᠢᠯᠠᠨ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠨᠠᠶᠢᠵᠠ ᠨᠠᠷ ᠲᠤ ᠳᠣᠣᠷᠠᠬᠢ ᠮᠡᠲᠦ ᠵᠦᠢᠯ ᠢ ᠰᠠᠨᠠᠭᠠᠴᠢᠯᠠᠶ᠎ᠠ᠄ | ᠨᠢᠭᠡ᠂ ᠮᠠᠭᠤ ᠳᠠᠳᠬᠠᠯ ᠢ ᠡᠪᠳᠡᠵᠦ᠂ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ | ᠣᠷᠣᠰᠢᠭᠤᠯᠭ᠎ᠠ ᠶᠢᠨ ᠶᠠᠪᠤᠳᠠᠯ ᠤᠨ ᠠᠵᠢᠯᠯᠠᠭ᠎ᠠ ᠶᠢ ᠬᠢᠬᠦ ᠳᠡᠭᠡᠨ ᠪᠣᠯᠪᠠᠰᠤᠨ ᠢᠶᠠᠷ ᠣᠷᠣᠰᠢᠭᠤᠯᠭ᠎ᠠ ᠶᠢ | ᠵᠠᠰᠠᠬᠤ ᠶᠢ ᠰᠠᠨᠠᠭᠠᠴᠢᠯᠠᠵᠤ᠂ ᠣᠷᠣᠰᠢᠭᠤᠯᠭ᠎ᠠ ᠶᠢᠨ ᠶᠠᠪᠤᠳᠠᠯ ᠤᠨ ᠠᠵᠢᠯᠯᠠᠭ᠎ᠠ ᠶᠢᠨ ᠳᠤᠮᠳᠠ ᠶᠡᠭᠡ ᠪᠠᠷ ᠬᠢᠬᠦ ᠶᠢ | ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠪᠣᠯᠬᠢ ᠪᠦᠳᠦᠭᠦᠯᠢᠭ ᠠᠵᠢᠯᠯᠠᠭ᠎ᠠ ᠶᠢ ᠰᠢᠲᠦᠵᠦ᠂ ︽ᠨᠢᠭᠡ ᠶᠢ | ᠴᠠᠭᠠᠵᠠᠯᠠᠵᠤ ᠭᠤᠷᠪᠠᠨ ᠪᠤᠯᠬᠤ ᠦᠭᠡᠢ︾ ᠶᠠᠪᠤᠳᠠᠯ ᠢ ᠭᠦᠢᠴᠡᠳᠭᠡᠨ᠎ᠡ᠃ ︽ᠨᠢᠭᠡ ᠶᠢ ᠴᠠᠭᠠᠵᠠᠯᠠᠬᠤ︾ ᠭᠡᠳᠡᠭ ᠨᠢ᠄ | ᠣᠯᠠᠨ ᠨᠡᠶᠢᠲᠡ ᠶᠢᠨ ᠲᠠᠯᠠᠪᠤᠷ ᠲᠤ ᠴᠢᠨᠳᠠᠷ ᠤᠨ ᠰᠠᠷᠠᠪᠴᠢ ᠪᠠᠷᠢᠬᠤ᠂ ᠴᠠᠭᠠᠷᠢᠭᠲᠤ ᠴᠡᠴᠡᠭ ᠲᠠᠯᠪᠢᠬᠤ᠂ ᠰᠦᠮ᠎ᠡ | ᠲᠠᠯᠪᠢᠬᠤ᠂ ᠬᠡᠩᠭᠡᠷᠭᠡ ᠦᠯᠢᠶᠡᠬᠦ᠂ ᠲᠠᠬᠢᠯᠭ᠎ᠠ ᠶᠢᠨ ᠡᠳ᠋ ᠰᠢᠲᠠᠭᠠᠬᠤ᠂ ᠵᠠᠮ ᠳᠠᠭᠠᠤ ᠫᠤᠤᠵᠢᠩ ᠲᠠᠯᠪᠢᠬᠤ᠂ | ᠴᠠᠭᠠᠰᠤᠨ ᠵᠣᠭᠤᠰ ᠴᠠᠭᠠᠰᠤᠨ ᠬᠤᠸᠠᠷ ᠬᠠᠶᠠᠬᠤ ᠵᠡᠷᠭᠡ ᠹᠧᠣᠳᠠᠯ ᠤᠨ ᠮᠤᠬᠤᠷ ᠪᠢᠰᠢᠷᠡᠯ ᠤᠨ ᠠᠵᠢᠯᠯᠠᠭ᠎ᠠ ᠶᠢ | ᠴᠠᠭᠠᠵᠠᠯᠠᠨ᠎ᠠ᠃ ︽ᠭᠤᠷᠪᠠᠨ ᠪᠤᠯᠬᠤ ᠦᠭᠡᠢ︾ ᠭᠡᠳᠡᠭ ᠨᠢ᠄ ᠣᠯᠠᠨ ᠨᠡᠶᠢᠲᠡ ᠶᠢᠨ ᠡᠮᠬᠢ ᠵᠢᠷᠤᠮ ᠢ ᠬᠠᠷᠰᠢᠯᠠᠵᠤ᠂ | ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ ᠪᠣᠯᠬᠤ ᠦᠭᠡᠢ︔ ᠪᠤᠰᠤᠳ ᠤᠨ | ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ︔ ᠴᠠᠭᠠᠰᠤᠨ ᠵᠣᠭᠤᠰ᠂ ᠴᠠᠭᠠᠰᠤᠨ ᠪᠣᠭᠤᠯᠲᠠ | ᠵᠡᠷᠭᠡ ᠬᠡᠷᠡᠭᠰᠡᠯ ᠢ ᠦᠢᠯᠡᠳᠪᠦᠷᠢᠯᠡᠬᠦ ᠪᠠ ᠪᠤᠷᠤᠯᠠᠭᠤᠯᠵᠤ ᠪᠤᠯᠬᠤ ᠦᠭᠡᠢ ᠮᠦᠷᠳᠡᠭᠡᠨ ᠰᠠᠭᠤᠭᠠᠯᠢ ᠠᠷᠠᠳ ᠢ ᠨᠠᠰᠤ | ᠪᠠᠷᠠᠭᠰᠠᠨ ᠤ ᠲᠠᠷᠠᠭ᠎ᠠ ᠴᠢᠶᠠᠨ ᠶᠠᠨ ᠯᠢᠩ ᠤᠨ ᠣᠷᠣᠰᠢᠭᠤᠯᠭ᠎ᠠ ᠶᠢᠨ ᠭᠠᠵᠠᠷ ᠲᠤ ᠣᠴᠢᠵᠤ ᠣᠷᠣᠰᠢᠭᠤᠯᠭ᠎ᠠ ᠶᠢᠨ | ᠠᠵᠢᠯᠯᠠᠭ᠎ᠠ ᠥᠷᠨᠢᠭᠦᠯᠬᠦ ᠪᠠᠷ ᠱᠠᠭᠠᠷᠳᠠᠨ᠎ᠠ᠃ | ᠬᠤᠶᠠᠷ᠂ ᠪᠣᠯᠪᠠᠰᠤᠨ ᠢᠶᠠᠷ ᠱᠦᠭᠦᠷᠳᠡᠨ ᠲᠠᠶᠢᠯᠵᠤ᠂ ᠰᠢᠨ᠎ᠡ ᠰᠤᠷᠲᠠᠯ ᠢ ᠰᠠᠨᠠᠭᠠᠴᠢᠯᠠᠨ᠎ᠠ᠃ | ᠤᠯᠠᠨ ᠨᠡᠶᠢᠲᠡ ᠶᠢᠨ ᠡᠮᠬᠢ ᠳᠢᠭᠯᠢᠮ ᠪᠣᠯᠣᠨ ᠭᠠᠯ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠰᠠᠬᠢᠵᠤ᠂ | ᠤᠯᠠᠮᠵᠢᠯᠠᠯᠲᠤ ᠳᠠᠬᠢᠯᠭ᠎ᠠ ᠶᠢᠨ ᠪᠣᠯᠬᠢ ᠳᠠᠳᠬᠠᠯ ᠢ ᠥᠭᠡᠷᠡᠴᠢᠯᠡᠵᠦ᠂ ᠪᠣᠯᠬᠢ ᠪᠦᠳᠦᠭᠦᠯᠢᠭ ᠳᠠᠬᠢᠯᠭ᠎ᠠ ᠶᠢᠨ ᠬᠡᠷᠡᠭᠰᠡᠯ | ᠪᠣᠯᠣᠨ ᠮᠤᠬᠤᠷ ᠪᠢᠰᠢᠷᠡᠯ ᠤᠨ ᠠᠵᠢᠯᠯᠠᠭ᠎ᠠ ᠶᠢ ᠬᠤᠷᠢᠭᠯᠠᠵᠤ᠂ ᠤᠬᠠᠮᠰᠠᠷ ᠠᠴᠠ ᠪᠠᠨ ᠰᠦᠯᠵᠢᠶᠡᠨ ᠤ ᠳᠠᠬᠢᠯᠭ᠎ᠠ᠂ | ᠰᠣᠷᠭᠤᠭ ᠴᠡᠴᠡᠭ ᠤᠨ ᠳᠠᠬᠢᠯᠭ᠎ᠠ᠂ ᠭᠡᠷ ᠪᠦᠯᠢ ᠶᠢᠨ ᠳᠤᠷᠠᠳᠬᠠᠯ ᠵᠡᠷᠭᠡ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠪᠣᠯᠪᠠᠰᠤᠨ ᠳᠠᠬᠢᠯᠭ᠎ᠠ ᠶᠢᠨ ᠠᠷᠭ᠎ᠠ ᠪᠠᠷ ᠨᠥᠭᠴᠢᠭᠰᠡᠳ ᠢ ᠳᠤᠷᠠᠰᠤᠨ ᠰᠠᠨᠠᠭᠠᠯᠵᠠᠨ᠎ᠠ᠃ ᠵᠡᠭᠡᠯᠢ | ᠭᠤᠳᠤᠮᠵᠢ ᠶᠢᠨ ᠵᠠᠮ ᠤᠨ ᠠᠭᠤᠯᠵᠠᠷ᠂ ᠨᠣᠭᠤᠭᠠᠨ ᠭᠠᠵᠠᠷ᠂ ᠨᠡᠶᠢᠲᠡ ᠶᠢᠨ ᠪᠤᠩᠬᠤᠨ ᠵᠡᠷᠭᠡ ᠤᠯᠠᠨ ᠨᠡᠶᠢᠲᠡ ᠶᠢᠨ | ᠲᠠᠯᠠᠪᠤᠷ ᠲᠤ ᠴᠠᠭᠠᠰᠤᠨ ᠵᠣᠭᠤᠰ ᠰᠢᠳᠠᠭᠠᠬᠤ ᠦᠭᠡᠢ᠂ ᠬᠤᠸᠠᠷ ᠫᠤᠤᠵᠢᠩ ᠲᠠᠯᠪᠢᠬᠤ ᠦᠭᠡᠢ᠂ ᠲᠠᠬᠢᠯᠭ᠎ᠠ ᠶᠢᠨ ᠡᠳ᠋ | ᠲᠠᠯᠪᠢᠬᠤ ᠦᠭᠡᠢ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠭᠡᠢ ᠪᠠᠶᠢᠵᠤ᠂ ᠰᠢᠨ᠎ᠡ ᠴᠠᠭ ᠦᠶ᠎ᠡ ᠶᠢᠨ | ᠪᠣᠯᠪᠠᠰᠤᠨ ᠣᠷᠴᠢᠨ ᠲᠣᠭᠤᠷᠢᠨ ᠢ ᠬᠠᠮᠠᠭᠠᠯᠠᠬᠤ ᠣᠷᠣᠰᠢᠭᠤᠯᠭ᠎ᠠ ᠶᠢᠨ ᠰᠢᠨ᠎ᠡ ᠬᠡᠪ ᠰᠤᠷᠲᠠᠯ ᠢ ᠬᠠᠮᠲᠤᠪᠠᠷ | ᠤᠯᠠᠮᠵᠢᠯᠠᠨ᠎ᠠ᠃ | ᠭᠤᠷᠪᠠ᠂ ᠵᠦᠢ ᠵᠣᠬᠢᠰᠲᠠᠢ ᠪᠠᠷ ᠲᠥᠯᠥᠪᠵᠢᠭᠦᠯᠵᠦ᠂ ᠬᠤᠷᠢᠭᠠᠲᠠᠢ ᠣᠷᠣᠨ ᠢ ᠲᠣᠳᠣᠷᠬᠠᠢ ᠪᠤᠯᠭᠠᠨ᠎ᠠ᠃ | ︽ᠭᠤᠷᠪᠠᠨ ᠬᠥᠪᠡᠭᠡ ᠲᠤᠯᠤᠭᠠᠨ ᠣᠷᠣᠨ︾ ︵ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ᠂ | ᠤᠰᠤᠨ ᠴᠥᠭᠦᠷᠥᠮ ᠤᠨ ᠣᠶᠢᠷ᠎ᠠ ᠬᠠᠪᠢ ᠵᠢᠴᠢ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ | ᠪᠠᠶᠢᠬᠤ ᠶᠢ ᠴᠢᠩᠭ᠎ᠠ ᠴᠠᠭᠠᠵᠠᠯᠠᠨ᠎ᠠ︔ ᠲᠠᠷᠢᠶᠠᠨ ᠭᠠᠵᠠᠷ᠂ ᠣᠶᠢᠲᠤ ᠭᠠᠵᠠᠷ᠂ ᠲᠠᠯ᠎ᠠ ᠨᠤᠲᠤᠭ᠂ ᠬᠤᠲᠠ ᠶᠢᠨ | ᠴᠡᠴᠡᠷᠯᠢᠭ᠂ ᠠᠯᠳᠠᠷᠲᠤ ᠦᠵᠡᠮᠵᠢ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠣᠷᠣᠨ ᠪᠠ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ︶ ᠳᠤ ᠰᠢᠨ᠎ᠡ ᠪᠠᠷ ᠪᠠᠶᠢᠭᠤᠯᠤᠭᠰᠠᠨ | ᠣᠩᠭᠤᠨ ᠢ ᠪᠦᠬᠦᠨ ᠢ ᠵᠢᠭᠠᠨ ᠲᠣᠭᠲᠠᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠩᠭᠤᠨ ᠤ ᠭᠠᠵᠠᠷ ︵ | ᠲᠥᠪᠯᠡᠷᠡᠭᠦᠯᠦᠨ ᠣᠷᠣᠰᠢᠭᠤᠯᠬᠤ ᠭᠠᠵᠠᠷ︶ ᠲᠤ ᠲᠥᠪᠯᠡᠷᠡᠭᠦᠯᠦᠨ ᠣᠷᠣᠰᠢᠭᠤᠯᠵᠤ᠂ ᠰᠤᠯᠠ ᠪᠤᠯᠠᠵᠤ | ᠳᠤᠷ᠎ᠠ ᠪᠠᠷ ᠢᠶᠠᠨ ᠣᠷᠣᠰᠢᠭᠤᠯᠬᠤ ᠶᠢ ᠲᠠᠰᠤ ᠵᠣᠭᠰᠣᠭᠠᠵᠤ᠂ ᠠᠮᠢᠳᠤ ᠬᠥᠮᠥᠨ ᠤ ᠣᠩᠭᠤᠨ᠂ ᠬᠡᠭᠡᠨᠴᠢᠷ ᠲᠣᠮᠣ | ᠣᠩᠭᠤᠨ ᠵᠢᠴᠢ ᠬᠠᠲᠠᠭᠤᠷᠠᠭᠤᠯᠤᠭᠰᠠᠨ ᠣᠩᠭᠤᠨ ᠢ ᠵᠠᠰᠠᠨ ᠪᠠᠶᠢᠭᠤᠯᠵᠤ᠂ ᠵᠢᠵᠢᠭ ᠬᠡᠯᠪᠡᠷᠢ ᠶᠢᠨ ᠣᠩᠭᠤᠨ ᠤ | ᠬᠥᠰᠢᠶ᠎ᠡ ︵ᠥᠨᠳᠥᠷ ᠨᠢ 60cm×ᠥᠷᠭᠡᠨ ᠨᠢ 40cm× ᠵᠤᠵᠠᠭᠠᠨ ᠨᠢ 8cm︶ ᠶᠢ ᠰᠠᠨᠠᠭᠠᠴᠢᠯᠠᠵᠤ᠂ | ᠣᠩᠭᠤᠨ ᠤ ᠬᠥᠰᠢᠶ᠎ᠡ ᠪᠣᠰᠬᠠᠬᠤ ᠦᠭᠡᠢ ᠪᠤᠶᠤ ᠬᠡᠪᠲᠡᠭᠡ ᠬᠥᠰᠢᠶ᠎ᠡ ᠬᠡᠷᠡᠭᠯᠡᠬᠦ ᠦᠭᠡᠢ᠃ ᠭᠠᠵᠠᠷ ᠠᠷᠪᠢᠯᠠᠬᠤ ᠠᠮᠢ | ᠠᠬᠤᠢ ᠶᠢᠨ ᠣᠷᠣᠰᠢᠭᠤᠯᠭ᠎ᠠ ᠶᠢ ᠶᠡᠬᠡᠪᠡᠷ ᠬᠡᠷᠡᠭᠵᠢᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠨ᠂ ᠠᠮᠢ | ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠵᠤ᠂ ᠮᠣᠳᠣᠨ ᠣᠷᠣᠰᠢᠭᠤᠯᠭ᠎ᠠ᠂ ᠵᠦᠯᠭᠡᠨ ᠣᠷᠣᠰᠢᠭᠤᠯᠭ᠎ᠠ᠂ | ᠬᠠᠨ᠎ᠠ ᠶᠢᠨ ᠣᠷᠣᠰᠢᠭᠤᠯᠭ᠎ᠠ ᠵᠡᠷᠭᠡ ᠭᠠᠵᠠᠷ ᠠᠷᠪᠢᠯᠠᠬᠤ ᠪᠤᠬᠢᠷᠳᠤᠯ ᠦᠬᠡᠢ ᠣᠷᠣᠰᠢᠭᠤᠯᠭ᠎ᠠ ᠶᠢᠨ ᠬᠡᠯᠪᠡᠷᠢ ᠶᠢᠨ | ᠣᠷᠣᠰᠢᠭᠤᠯᠭ᠎ᠠ ᠶᠢᠨ ᠠᠷᠭ᠎ᠠ ᠶᠢ ᠰᠣᠩᠭᠤᠨ᠎ᠠ᠃ | ᠳᠥᠷᠪᠡ᠂ ᠨᠠᠮ ᠤᠨ ᠭᠡᠰᠢᠭᠦᠨ ᠲᠡᠷᠢᠭᠦᠯᠡᠨ ᠳᠦᠷᠢᠮ ᠲᠣᠭᠲᠠᠭᠠᠯ ᠢ ᠵᠢᠷᠤᠮᠯᠡᠵᠦ ᠬᠠᠷᠢᠭᠤᠴᠠᠯᠭ᠎ᠠ ᠶᠢ ᠰᠠᠬᠢᠨ᠎ᠠ᠃ | | ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠪᠣᠯ ᠵᠠᠩ ᠳᠠᠳᠬᠠᠯ ᠢ ᠥᠭᠡᠷᠡᠴᠢᠯᠡᠬᠦ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠪᠣᠯᠣᠨ ᠣᠶᠤᠨ ᠤ ᠪᠣᠯᠪᠠᠰᠤᠨ ᠤ ᠪᠠᠶᠢᠭᠤᠯᠤᠯᠲᠠ | ᠶᠢ ᠠᠬᠢᠭᠤᠯᠬᠤ ᠴᠢᠬᠤᠯᠠ ᠠᠭᠤᠯᠭ᠎ᠠ ᠮᠥᠨ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠢᠴᠢ ᠠᠯᠪᠠᠨ | ᠲᠤᠰᠢᠶᠠᠯᠲᠠᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠷᠣᠰᠢᠭᠤᠯᠭ᠎ᠠ ᠶᠢᠨ | ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ | ᠪᠣᠯᠪᠠᠰᠤᠨ ᠣᠷᠣᠰᠢᠭᠤᠯᠭ᠎ᠠ ᠶᠢᠨ ᠣᠶᠢᠯᠠᠭᠠᠭᠳᠠᠬᠤᠨ ᠢ ᠲᠦᠷᠦᠭᠦᠯᠡᠨ ᠤᠬᠠᠭᠤᠯᠬᠤ ᠪᠠ ᠦᠢᠯᠡᠳᠦᠯᠭᠡᠵᠢᠭᠦᠯᠵᠦ᠂ | ᠠᠷᠠᠳ ᠤᠯᠠᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠣᠶᠢᠯᠠᠭᠠᠭᠳᠠᠬᠤᠨ ᠢ ᠨᠢ ᠬᠤᠪᠢᠷᠠᠭᠤᠯᠵᠤ᠂ | ᠬᠠᠭᠤᠴᠢᠨ ᠵᠠᠩ ᠳᠠᠳᠬᠠᠯ ᠢ ᠨᠢ ᠡᠪᠳᠡᠵᠦ᠂ ᠰᠢᠨ᠎ᠡ ᠬᠡᠪ ᠰᠤᠷᠲᠠᠯ ᠢ ᠪᠤᠢ ᠪᠤᠯᠭᠠᠨ᠎ᠠ᠃ ᠨᠠᠮ ᠤᠨ ᠭᠡᠰᠢᠭᠦᠨ᠂ ᠺᠠᠳ᠋ᠷ | ᠨᠠᠰᠤ ᠪᠠᠷᠠᠭᠰᠠᠨ ᠤ ᠳᠠᠷᠠᠭ᠎ᠠ ᠡᠷᠬᠡᠪᠰᠢ ᠭᠠᠯ ᠳᠡᠭᠳᠡᠭᠡᠯᠭᠡ ᠶᠢ ᠬᠡᠷᠡᠭᠵᠢᠭᠦᠯᠬᠦ ᠬᠡᠷᠡᠭᠲᠡᠢ᠂ ᠴᠢᠨᠳᠠᠷ ᠢ ᠠᠪᠰᠠ ᠰᠠᠪᠠᠯᠠᠵᠤ | ᠳᠠᠬᠢᠨ ᠣᠷᠣᠰᠢᠭᠤᠯᠵᠤ ᠪᠣᠯᠬᠤ ᠦᠭᠡᠢ᠂ ᠪᠠᠷᠢᠮᠵᠢᠶ᠎ᠠ ᠠᠴᠠ ᠬᠡᠲᠦᠷᠡᠭᠦᠯᠦᠨ ᠣᠩᠭᠤᠨ ᠤ ᠬᠥᠰᠢᠶ᠎ᠡ ᠪᠣᠰᠬᠠᠵᠤ ᠪᠣᠯᠬᠤ | ᠦᠭᠡᠢ᠂ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠣᠷᠣᠰᠢᠭᠤᠯᠭ᠎ᠠ ᠶᠢᠨ | ᠠᠵᠢᠯᠯᠠᠭ᠎ᠠ ᠶᠢᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠲᠠᠪᠤ᠂ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠠᠵᠢᠯ ᠨᠢ ᠬᠥᠮᠥᠰ ᠤᠨ ᠰᠡᠳᠬᠢᠯ ᠢ | ᠳᠤᠯᠠᠭᠠᠴᠠᠭᠤᠯᠤᠨ᠎ᠠ᠃ | ᠪᠥᠬᠦ ᠬᠤᠲᠠ ᠶᠢᠨ ᠥᠷᠭᠡᠨ ᠣᠯᠠᠨ ᠲᠦᠮᠡᠨ ᠢᠯᠠᠩᠭᠤᠶ᠎ᠠ ᠬᠤᠲᠠ ᠬᠥᠳᠡᠭᠡ ᠶᠢᠨ ᠬᠦᠴᠢᠷᠳᠡᠯᠲᠡᠢ ᠣᠯᠠᠨ | ᠲᠦᠮᠡᠨ ᠤ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠬᠡᠷᠡᠭᠴᠡᠭᠡ ᠶᠢ ᠪᠠᠲᠤᠯᠠᠵᠤ᠂ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ ᠬᠥᠳᠡᠭᠡ ᠲᠣᠰᠬᠤᠨ ᠤ ᠲᠠᠪᠤᠨ ᠪᠠᠲᠤᠯᠠᠭᠠᠲᠤ ᠡᠷᠦᠬᠡ᠂ | ᠬᠤᠲᠠ ᠪᠠᠯᠭᠠᠰᠤ ᠶᠢᠨ ︽ᠭᠤᠷᠪᠠ ᠪᠠᠶᠢᠬᠤ ᠦᠭᠡᠢ︾ ᠡᠲᠡᠭᠡᠳ᠂ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ | ᠵᠡᠷᠭᠡ ᠣᠨᠴᠣᠭᠤᠢ ᠬᠦᠴᠢᠷᠳᠡᠯᠲᠡᠢ ᠡᠳᠡᠭᠡᠳ ᠤᠨ ᠴᠢᠨᠳᠠᠷ ᠢ ᠳᠡᠭᠳᠡᠭᠡᠭᠰᠡᠨ ᠤ ᠳᠠᠷᠠᠭ᠎ᠠ᠂ ᠣᠷᠣᠰᠢᠭᠤᠯᠭ᠎ᠠ ᠶᠢᠨ | ᠦᠨᠳᠦᠰᠦᠨ ᠵᠠᠷᠤᠳᠠᠯ ᠢ ᠦᠭᠡᠶᠢᠰᠭᠡᠵᠦ᠂ ᠬᠦᠴᠢᠷᠳᠡᠯᠲᠡᠢ ᠣᠯᠠᠨ ᠲᠦᠮᠡᠨ ᠤ ᠣᠷᠣᠰᠢᠭᠤᠯᠭ᠎ᠠ ᠶᠢᠨ ᠳᠠᠷᠤᠭᠠᠰᠤ ᠶᠢ | ᠬᠥᠩᠭᠡᠯᠡᠨ᠂ ᠬᠦᠴᠢᠷᠳᠡᠯᠲᠡᠢ ᠣᠯᠠᠨ ᠲᠦᠮᠡᠨ ᠤ ︽ᠬᠤᠶᠢᠨᠠᠬᠢ ᠶᠠᠪᠤᠳᠠᠯ︾ ᠢ ︽ᠰᠡᠳᠬᠢᠯ ᠳᠤ ᠳᠤᠯᠠᠭᠠᠴᠠᠭᠤᠯᠬᠤ | ᠶᠠᠪᠤᠳᠠᠯ︾ ᠪᠣᠯᠭᠠᠨ᠎ᠠ᠃ | ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠨᠠᠶᠢᠵᠠ ᠨᠠᠷ ᠡ᠂ ᠪᠢᠳᠡ ᠭᠠᠷ ᠭᠠᠷ ᠢᠶᠠᠨ | ᠬᠤᠯᠪᠣᠯᠴᠠᠨ᠂ ᠣᠷᠣᠰᠢᠭᠤᠯᠭ᠎ᠠ ᠶᠢᠨ ᠮᠠᠭᠤ ᠳᠠᠳᠬᠠᠯ ᠢ ᠲᠠᠶᠠᠭᠳᠠᠵᠤ᠂ ᠭᠠᠯ ᠳᠡᠭᠳᠡᠭᠡᠯᠭᠡ ᠶᠢ ᠶᠠᠪᠤᠭᠤᠯᠵᠤ᠂ | ᠰᠢᠷᠣᠢ ᠳᠤ ᠣᠷᠣᠰᠢᠭᠤᠯᠬᠤ ᠶᠢ ᠥᠭᠡᠷᠡᠴᠢᠯᠡᠵᠦ᠂ ᠬᠦᠨᠳᠦ ᠠᠷᠠᠴᠢᠯᠠᠵᠤ ᠬᠦᠩᠬᠡᠨ ᠣᠷᠣᠰᠢᠭᠤᠯᠬᠤ᠂ | ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠬᠢᠬᠦ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠪᠣᠯᠪᠠᠰᠤᠨ ᠢᠶᠠᠷ | ᠪᠡᠯᠪᠡᠰᠦᠷᠡᠯ ᠢ ᠵᠠᠰᠠᠬᠤ ᠶᠢᠨ ᠲᠦᠷᠦᠭᠦᠴᠢ᠂ ᠪᠣᠯᠪᠠᠰᠤᠨ ᠢᠶᠠᠷ ᠳᠠᠬᠢᠯᠭ᠎ᠠ ᠶᠢᠨ ᠰᠠᠨᠠᠭᠠᠴᠢᠯᠠᠭᠴᠢ᠂ ᠵᠠᠩ ᠳᠠᠳᠬᠠᠯ ᠢ | ᠥᠭᠡᠷᠡᠴᠢᠯᠡᠬᠦ ᠶᠢᠨ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠪᠣᠯᠪᠠᠰᠤᠨ ᠰᠢᠨ᠎ᠡ ᠰᠤᠷᠲᠠᠯ ᠢ | ᠪᠠᠳᠠᠷᠠᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠶ᠎ᠠ︕ | | | ᠹᠧᠩᠵᠧᠨ ᠤ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ | 2025 ᠣᠨ ᠤ 3 ᠰᠠᠷ᠎ᠠ ᠶᠢᠨ 26 ᠤ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |