| 2 ᠰᠠᠷ᠎ᠠ ᠶᠢᠨ 28 ᠤ ᠡᠳᠦᠷ᠂ ᠬᠤᠨ ᠶᠤᠸᠠᠨ ᠶᠣᠣ ᠰᠢᠶᠠᠩ ᠤᠨ ᠬᠢᠨ 2024 ᠣᠨ ᠤ ᠤᠳᠤᠷᠢᠳᠬᠤ | ᠪᠠᠭ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠵᠧᠨ | ᠪᠥᠸᠧ ᠬᠤᠷᠠᠯ ᠳᠤ ᠣᠷᠣᠯᠴᠠᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠣᠯᠣᠳᠤᠭᠠᠷ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠺᠠᠳ᠋ᠷ ᠯᠢ ᠵᠢᠶᠠ ᠰᠢᠨ ᠬᠤᠷᠠᠯ ᠳᠤ ᠣᠷᠣᠯᠴᠠᠨ | ᠵᠢᠭᠠᠨ ᠵᠢᠯᠣᠭᠤᠳᠪᠠ᠃ ᠰᠢᠶᠠᠩ ᠤᠨ ᠨᠠᠮ ᠤᠨ ᠬᠤᠷᠢᠶᠠᠨ ᠤ ᠱᠦᠵᠢ ᠭᠦᠸᠧ ᡁᠢ ᠢᠦᠢ ᠬᠤᠷᠠᠯ ᠢ ᠡᠷᠬᠢᠯᠡᠵᠦ᠂ | ᠪᠦᠬᠦ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠭᠦᠸᠧ ᡁᠢ ᠢᠦᠢ ᠬᠤᠨ ᠶᠤᠸᠠᠨ ᠶᠣᠣ ᠰᠢᠶᠠᠩ ᠤᠨ ᠳᠡᠭᠡᠷ᠎ᠡ ᠵᠢᠯ ᠤᠨ ᠠᠷᠠᠳᠴᠢᠯᠠᠭᠰᠠᠨ | ᠠᠮᠢᠳᠤᠷᠠᠯ ᠤᠨ ᠬᠤᠷᠠᠯ ᠤᠨ ᠪᠠᠶᠢᠴᠠᠭᠠᠨ ᠳᠡᠯᠭᠡᠭᠰᠡᠨ ᠠᠰᠠᠭᠤᠳᠠᠯ ᠢ ᠴᠡᠭᠴᠡᠯᠡᠨ ᠵᠠᠰᠠᠵᠤ ᠨᠠᠶᠢᠳᠠᠪᠤᠷᠢᠵᠢᠭᠤᠯᠤᠭᠰᠠᠨ | ᠪᠠᠶᠢᠳᠠᠯ ᠪᠣᠯᠣᠨ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ | ᠪᠠᠶᠢᠳᠠᠯ ᠢ ᠨᠡᠶᠢᠳᠡᠯᠡᠪᠡ᠃ | ᠭᠦᠸᠧ ᡁᠢ ᠢᠦᠢ ᠰᠢᠶᠠᠩ ᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ | ᠪᠠᠶᠢᠴᠠᠭᠠᠵᠤ᠂ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠲᠡᠰ ᠳᠠᠷᠠᠭᠠᠯᠠᠨ ᠬᠤᠪᠢ ᠬᠥᠮᠥᠨ ᠢ | ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠠᠷᠢᠯᠴᠠᠨ ᠰᠢᠭᠦᠮᠵᠢᠯᠡᠯ ᠥᠷᠨᠢᠭᠦᠯᠵᠦ᠂ ᠰᠢᠭᠦᠮᠵᠢᠯᠡᠭᠰᠡᠨ ᠰᠠᠨᠠᠯ ᠳᠤ | ᠴᠢᠭᠯᠡᠭᠦᠯᠦᠨ ᠢᠳᠡᠪᠬᠢᠲᠡᠢ ᠬᠠᠷᠢᠭᠤᠯᠲᠠ ᠥᠭᠴᠦ᠂ ᠴᠢᠩ ᠦᠨᠡᠨᠴᠢ ᠪᠠᠷ ᠣᠪᠣᠷ ᠢᠶᠠᠨ ᠢᠯᠡᠳᠬᠡᠵᠦ᠂ ᠴᠢᠷᠮᠠᠶᠢᠬᠤ | ᠴᠢᠭᠯᠡᠯ ᠪᠠ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠪᠠ᠃ ᠭᠦᠸᠧ ᡁᠢ ᠢᠦᠢ ᠰᠢᠶᠠᠩ ᠤᠨ ᠨᠠᠮ ᠤᠨ | ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠣᠪᠣᠷ ᠢᠶᠠᠨ ᠢᠯᠡᠳᠭᠡᠪᠡ᠃ | ᠸᠠᠩ ᠵᠧᠨ ᠪᠥᠸᠧ ᠰᠢᠶᠠᠩ ᠤᠨ ᠤᠳᠤᠷᠢᠳᠬᠤ ᠪᠠᠭ ᠤᠨ ᠬᠠᠷᠢᠴᠠᠭᠤᠯᠤᠭᠰᠠᠨ ᠪᠠᠶᠢᠴᠠᠭᠠᠯᠲᠠ ᠶᠢᠨ ᠶᠠᠷᠢᠶ᠎ᠠ ᠶᠢ | ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠬᠤᠨ ᠶᠤᠸᠠᠨ ᠶᠣᠣ ᠰᠢᠶᠠᠩ ᠤᠨ 2024 ᠣᠨ ᠤ | ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠭᠦᠢᠴᠡᠳ ᠨᠤᠳᠠᠯᠠᠬᠤ ᠶᠢᠨ ᠲᠠᠭᠠᠤ ᠲᠣᠰ ᠤᠳᠠᠭᠠᠨ ᠤ | ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠯᠠᠪᠳᠠᠭᠤᠨ ᠪᠠᠲᠤᠲᠠᠢ ᠪᠥᠭᠡᠳ ᠭᠦᠢᠴᠡᠳ ᠪᠠᠶᠢᠵᠤ | ᠠᠰᠠᠭᠤᠳᠠᠯ ᠢ ᠭᠦᠨᠵᠡᠭᠡᠢ ᠪᠥᠭᠡᠳ ᠪᠣᠳᠠᠲᠠᠢ ᠪᠠᠷ ᠪᠠᠶᠢᠴᠠᠭᠠᠨ ᠳᠡᠯᠭᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ | ᠨᠢ ᠲᠥᠪ ᠴᠢᠩᠭ᠎ᠠ ᠨᠠᠷᠢᠨ ᠬᠢᠨᠠᠮᠠᠭᠠᠢ ᠪᠠᠶᠢᠵᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠨᠢ ᠪᠣᠳᠠᠲᠠᠢ ᠶᠢ | ᠡᠷᠬᠢᠮᠯᠡᠭᠰᠡᠨ ᠪᠥᠭᠡᠳ ᠶᠠᠪᠤᠭᠳᠠᠭᠤᠰᠢᠲᠠᠢ ᠪᠠᠶᠢᠵᠤ᠂ ᠵᠢᠱᠢᠭᠰᠡᠨ ᠦᠷ᠎ᠡ ᠪᠦᠲᠦᠮᠵᠢ ᠳᠤ ᠬᠦᠷᠪᠡ ᠭᠡᠪᠡ᠃ ᠡᠭᠦᠨ ᠤ | ᠵᠡᠷᠭᠡᠪᠡᠷ᠂ ᠪᠠᠰᠠ ᠬᠤᠨ ᠶᠤᠸᠠᠨ ᠶᠣᠣ ᠰᠢᠶᠠᠩ ᠤᠨ ᠤᠳᠤᠷᠢᠳᠬᠤ ᠪᠠᠭ ᠲᠤ ᠬᠦᠰᠡᠯ ᠱᠠᠭᠠᠷᠳᠠᠯᠭ᠎ᠠ ᠳᠤᠷᠠᠳᠴᠤ᠂ | ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠵᠤ᠂ ᠡᠯ᠎ᠡ ᠵᠦᠢᠯ ᠤᠨ | ᠠᠵᠢᠯ ᠤᠨ ᠲᠠᠬᠢᠨ ᠳᠡᠭᠡᠭᠰᠢᠯᠡᠬᠦ ᠶᠢ ᠠᠬᠢᠭᠤᠯᠤᠭᠠᠷᠠᠢ ᠭᠡᠪᠡ᠃ | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |