ᠵᠢᠦᠢ ᠪᠦᠦ ᠵᠤᠸᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠬᠢᠨ 2024 ᠣᠨ ᠤ  ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/4
  2 ᠰᠠᠷ᠎ᠠ ᠶᠢᠨ 27 ᠤ ᠡᠳᠦᠷ᠂ ᠵᠢᠦᠢ ᠪᠦᠦ ᠵᠤᠸᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠬᠢᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠰᠢᠪᠠᠳᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠸᠠᠩ ᠵᠥᠩ᠂ ᠳᠤᠭᠤᠶᠢᠯᠠᠩ ᠤᠨ ᠭᠡᠰᠢᠭᠦᠨ ᠯᠢᠦ ᠯᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠶᠦᠩ ᠴᠢᠩ ᠬᠤᠷᠠᠯ ᠢ ᠡᠷᠭᠢᠯᠡᠪᠡ᠃

   ᠬᠤᠷᠠᠯ ᠠᠴᠠ ᠳᠡᠭᠡᠷ᠎ᠡ ᠵᠢᠯ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ

ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ

ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠶᠢᠨ ᠶᠦᠩ ᠴᠢᠩ ᠪᠠᠯᠭᠠᠰᠤᠨ ᠤ ᠨᠠᠮ ᠤᠨ ᠬᠤᠷᠢᠶᠠᠨ ᠤ

ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠳᠠᠷᠠᠭ᠎ᠠ ᠨᠢ ᠤᠳᠤᠷᠢᠳᠬᠤ ᠪᠠᠭ ᠤᠨ

ᠪᠦᠷᠢᠯᠳᠦᠭᠦᠨ ᠨᠠᠷ ᠨᠢᠭᠡ ᠨᠢᠭᠡ ᠪᠠᠷ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠬᠤ ᠪᠠ ᠥᠪᠡᠷ ᠤᠨ ᠰᠢᠭᠦᠮᠵᠢᠯᠡᠯ

ᠬᠢᠬᠦ ᠶᠢᠨ ᠬᠠᠮᠲᠤ ᠬᠠᠷᠢᠯᠴᠠᠨ ᠰᠢᠭᠦᠮᠵᠢᠯᠡᠯ ᠥᠷᠨᠢᠭᠦᠯᠪᠡ᠃ ᠸᠠᠩ ᠵᠦᠩ ᠲᠤᠰ ᠤᠳᠠᠭ᠎ᠠ ᠶᠢᠨ  ᠠᠷᠠᠳᠴᠢᠯᠠᠭᠰᠠᠨ

ᠠᠮᠢᠳᠤᠷᠠᠯ ᠤᠨ ᠬᠤᠷᠠᠯ ᠳᠤ ᠦᠨᠡᠯᠡᠯᠲᠡ ᠬᠢᠪᠡ᠃ ᠶᠢᠨ ᠶᠦᠩ ᠴᠢᠩ ᠪᠠᠯᠭᠠᠰᠤᠨ ᠤ ᠤᠳᠤᠷᠢᠳᠬᠤ ᠪᠠᠭ ᠤᠨ

ᠡᠮᠦᠨ᠎ᠡ ᠠᠴᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠡᠭᠡᠷ᠎ᠡ

ᠪᠠᠶᠢᠴᠠᠭᠠᠨ ᠳᠡᠯᠭᠡᠭᠰᠡᠨ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠭᠤᠣᠯ

ᠬᠠᠷᠢᠭᠤᠴᠠᠯᠭ᠎ᠠ ᠶᠢᠨ ᠤᠬᠠᠮᠰᠠᠷ ᠢ ᠦᠨᠡᠨᠬᠦ ᠪᠠᠲᠤ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ

ᠬᠡᠮᠵᠢᠶ᠎ᠡ ᠶᠢ ᠨᠠᠷᠢᠨ ᠬᠢᠨᠠᠮᠠᠭᠠᠢ ᠡᠮᠬᠢᠯᠡᠨ ᠬᠤᠷᠢᠶᠠᠩᠭᠤᠶᠢᠯᠠᠵᠤ᠂ ᠵᠦᠢᠯ ᠳᠠᠷᠠᠭᠠᠯᠠᠨ ᠰᠤᠳᠤᠯᠤᠨ ᠲᠣᠭᠲᠠᠭᠠᠵᠤ᠂

ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂

ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ

ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠦᠨᠡᠨᠬᠦ ᠪᠠᠲᠤᠯᠠᠪᠠ ᠬᠡᠪᠡ᠃

   ᠯᠢ ᠱᠦ ᠸᠧᠢ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠨᠤᠳᠠᠯᠠᠬᠤ ᠶᠢᠨ ᠬᠠᠮᠳᠤ

ᠤᠨᠤᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ

ᠠᠳᠬᠤᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠬᠥᠭᠵᠢᠯᠲᠡ ᠶᠢᠨ ᠦᠷ᠎ᠡ ᠪᠦᠲᠦᠮᠵᠢ ᠶᠢ

ᠬᠦᠴᠦᠯᠡᠨ ᠳᠡᠭᠡᠭᠰᠢᠯᠡᠭᠦᠯᠬᠦ ᠪᠠ ᠪᠠᠭ ᠤᠨ ᠪᠠᠶᠢᠭᠤᠯᠤᠯᠲᠠ ᠶᠢ ᠴᠢᠩᠭᠠᠳᠬᠠᠨ᠂ ᠵᠣᠷᠢᠭᠲᠠᠢ ᠪᠠᠷ ᠰᠡᠳᠬᠢᠵᠦ

ᠵᠣᠷᠢᠭᠲᠠᠢ ᠪᠠᠷ ᠠᠵᠢᠯᠯᠠᠵᠤ᠂ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ

ᠪᠣᠯᠭᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ

ᠭᠦᠢᠴᠡᠳᠬᠡᠬᠦ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠭᠠᠪᠢᠶ᠎ᠠ ᠵᠢᠳᠬᠦᠯ ᠨᠢ ᠨᠠᠳᠠ ᠳᠤ ᠪᠠᠶᠢᠬᠤ

ᠪᠢᠰᠢ᠂ ᠭᠠᠪᠢᠶ᠎ᠠ ᠵᠢᠳᠬᠦᠯ ᠳᠤ ᠯᠠᠪᠲᠠᠢ ᠪᠢ ᠪᠤᠢ ᠬᠡᠬᠦ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ

ᠢᠳᠡᠪᠬᠢᠲᠡᠢ ᠠᠵᠢᠯᠯᠠᠵᠤ᠂ ᠭᠤᠣᠯ ᠠᠵᠢᠯ ᠳᠤ ᠦᠢᠯᠡᠴᠢᠯᠡᠵᠦ᠂ ᠹᠧᠩᠵᠧᠨ ᠬᠤᠳᠠ ᠶᠢᠨ ᠠᠵᠤ ᠠᠬᠤᠢ ᠶᠢᠨ

ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠡᠷᠡᠢ ᠬᠡᠵᠦ ᠤᠯᠠᠨ ᠢ

ᠵᠤᠷᠢᠭᠵᠢᠭᠤᠯᠪᠠ᠃

       ᠤᠷᠴᠢᠭᠤᠯᠤᠭᠴᠢ᠄ ᠬᠠᠨ ᠰᠢᠶᠤᠤ ᠿᠦᠩ

       ᠬᠢᠨᠠᠭᠴᠢ᠄ ᠼᠦᠢ ᠶᠢᠩ

 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3