ᠯᠦᠩ ᠱᠧᠩ ᠵᠤᠸᠠᠩ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠢᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/4
  2 ᠰᠠᠷ᠎ᠠ ᠶᠢᠨ 28 ᠤ ᠡᠳᠦᠷ᠂ ᠯᠦᠩ ᠱᠧᠩ ᠵᠤᠸᠠᠩ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ  ᠬᠢᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠢᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠤᠷᠠᠯ ᠳᠤ ᠣᠷᠣᠯᠴᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
   ᠬᠤᠷᠠᠯ ᠳᠡᠭᠡᠷ᠎ᠡ᠂ ᠳᠡᠭᠡᠷ᠎ᠡ ᠵᠢᠯ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠪᠢᠴᠢᠭ ᠢᠶᠠᠷ ᠳᠡᠪᠰᠢᠭᠦᠯᠪᠡ︔ ᠶᠠᠩ ᠱᠦ ᠹᠧᠩ ᠯᠦᠩ ᠱᠧᠩ ᠵᠤᠸᠠᠩ ᠪᠠᠯᠭᠠᠰᠤᠨ ᠤ ᠨᠠᠮ ᠵᠠᠰᠠᠭ ᠤᠨ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠪᠡᠶ᠎ᠡ ᠪᠠᠷ ᠢᠶᠠᠨ ᠲᠦᠷᠦᠭᠦᠯᠡᠨ ᠬᠤᠪᠢ ᠬᠥᠮᠥᠨ ᠢ ᠬᠠᠷᠢᠴᠠᠭᠤᠯᠤᠨ ᠪᠠᠶᠢᠴᠠᠭᠠᠪᠠ︔ ᠯᠦᠩ ᠱᠧᠩ ᠵᠤᠸᠠᠩ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠭᠦᠨ ᠨᠠᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠠᠷᠢᠯᠴᠠᠨ ᠰᠢᠭᠦᠮᠵᠢᠯᠡᠯ ᠥᠷᠨᠢᠭᠦᠯᠪᠡ︔ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠦᠨᠡᠯᠡᠯᠲᠡ ᠶᠢᠨ ᠶᠠᠷᠢᠶ᠎ᠠ ᠲᠠᠯᠪᠢᠪᠠ︔ ᠶᠠᠩ ᠱᠦ ᠹᠧᠩ ᠯᠦᠩ ᠱᠧᠩ ᠵᠤᠸᠠᠩ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠢ ᠲᠥᠯᠥᠭᠡᠯᠡᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
   ᠯᠢ ᠶᠢᠩ ᠯᠦᠩ ᠱᠧᠩ ᠵᠤᠸᠠᠩ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠭᠦᠢᠴᠡᠳ ᠨᠤᠨᠳᠠᠭᠯᠠᠬᠤ ᠶᠢᠨ ᠬᠠᠮᠳᠤ ᠯᠦᠩ ᠵᠤᠸᠠᠩ ᠪᠣᠯ ᠹᠧᠩᠵᠧᠨ ᠤ ᠡᠷᠲᠡᠨ ᠤ ᠪᠠᠯᠭᠠᠰᠤ᠂ ᠲᠣᠮᠣ ᠪᠠᠯᠭᠠᠰᠤ ᠪᠠᠶᠢᠵᠤ᠂ ᠡᠯ᠎ᠡ ᠵᠦᠢᠯ ᠤᠨ ᠠᠵᠢᠯ ᠢ ᠤᠷᠢᠳᠠᠪᠠᠷ ᠬᠢᠵᠦ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ︔ ᠨᠢᠳᠤᠨᠤᠨ ᠠᠴᠠ ᠨᠠᠰᠢ᠂ ᠯᠦᠩ ᠵᠤᠸᠠᠩ ᠤᠨ ᠨᠠᠮ ᠵᠠᠰᠠᠭ ᠤᠨ ᠤᠳᠤᠷᠢᠳᠬᠤ ᠪᠠᠭ ᠪᠦᠯᠬᠦᠮᠳᠡᠨ ᠲᠡᠮᠡᠴᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠣᠶᠣᠯ ᠵᠤᠭᠠᠴᠠᠯ ᠢ ᠠᠭᠤᠰᠤᠯᠴᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠲᠠᠯ᠎ᠠ ᠶᠢᠨ ᠠᠵᠢᠯ ᠳᠤ ᠰᠢᠨ᠎ᠡ ᠠᠮᠵᠢᠯᠲᠠ ᠪᠦᠲᠦᠮᠵᠢ ᠤᠯᠤᠬᠰᠠᠨ ᠴᠦ ᠤᠳᠤᠷᠢᠳᠬᠤ ᠪᠠᠭ ᠤᠨ ᠬᠢᠨ ᠤᠯᠤᠰ ᠲᠦᠷᠦ ᠶᠢᠨ ᠵᠢᠯᠣᠭᠤᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠦᠨᠡᠨᠴᠢ ᠰᠢᠳᠤᠷᠭᠤ ᠶᠢᠨ ᠰᠦᠭ ᠰᠦᠨᠡᠰᠦ ᠶᠢ ᠪᠠᠲᠤᠳᠬᠠᠬᠤ ᠬᠡᠷᠡᠭᠲᠡᠢ︔ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠦᠷᠭᠦᠯᠵᠢᠯᠡᠨ ᠲᠡᠮᠡᠴᠡᠵᠦ᠂ ᠰᠢᠨ᠎ᠡ ᠦᠷ᠎ᠡ ᠪᠦᠲᠦᠮᠵᠢ ᠭᠠᠷᠭᠠᠬᠤ ᠬᠡᠷᠡᠭᠲᠡᠢ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠺᠠᠳ᠋ᠷ ᠤᠯᠠᠨ ᠲᠦᠮᠡᠨ ᠤ ᠬᠡᠪ ᠳᠠᠭᠤᠷᠢᠶᠠᠯ ᠪᠣᠯᠬᠤ ᠠᠵᠢᠯ ᠢ ᠰᠠᠶᠢᠲᠤᠷ ᠬᠢᠬᠦ ᠬᠡᠷᠡᠭᠲᠡᠢ︔ ᠲᠤᠰ ᠤᠳᠠᠭ᠎ᠠ ᠶᠢᠨ  ᠠᠷᠠᠳᠴᠢᠯᠠᠭᠰᠠᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠤᠪᠢ ᠨᠡᠮᠡᠷᠢ ᠦᠵᠡᠭᠦᠯᠦᠭᠡᠷᠡᠢ ᠭᠡᠪᠡ᠃      ᠵᠣᠬᠢᠶᠠᠭᠴᠢ᠄ ᠰᠢᠤᠸᠠᠨ ᠶᠠᠨ  ᠪᠠᠢ ᠯᠢ ᠨᠠ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3