| 2 ᠰᠠᠷ᠎ᠠ ᠶᠢᠨ 28 ᠤ ᠡᠳᠦᠷ᠂ ᠮᠠᠨ ᠤ ᠬᠤᠲᠠ ᠶᠢᠨ 2025 ᠣᠨ ᠤ ᠰᠦᠯᠵᠢᠶ᠎ᠡ ᠪᠠᠷ ᠠᠳᠠᠯ ᠦᠢᠯᠡᠰ | ᠴᠣᠭᠴᠠᠯᠠᠬᠤ ᠪᠤᠯᠪᠠᠰᠤᠷᠠᠭᠤᠯᠤᠯ ᠤᠨ ᠠᠩᠭᠢ ᠡᠬᠢᠯᠡᠵᠦ᠂ ᠪᠤᠯᠪᠠᠰᠤᠷᠠᠭᠤᠯᠤᠯ ᠤᠨ ᠠᠩᠭᠢ ᠶᠢ ᠹᠧᠩᠵᠧᠨ ᠬᠤᠲᠠ ᠶᠢᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠭᠤᠣᠯᠯᠠᠨ ᠡᠷᠭᠢᠯᠡᠵᠦ᠂ ᠤᠯᠠᠭᠠᠨᠴᠠᠪ ᠬᠤᠲᠠ ᠶᠢᠨ ᠵᠧᠨ | ᠰᠢᠩ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠵᠦ᠂ ᠠᠵᠤ | ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ ᠪᠢᠶᠣᠣ ᠯᠦ ᠨᠡᠶᠢᠭᠡᠮ | ᠲᠣᠭᠤᠷᠢᠭ ᠤᠨ ᠬᠢᠨ ᠬᠠᠮᠵᠢᠯᠴᠠᠨ ᠡᠷᠭᠢᠯᠡᠪᠡ᠃ | | ᠠᠩᠭᠢ ᠡᠬᠢᠯᠡᠬᠦ ᠶᠣᠰᠣᠯᠠᠯ ᠳᠡᠭᠡᠷ᠎ᠡ᠂ ᠹᠧᠩᠵᠧᠨ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ᠂ ᠤᠯᠠᠭᠠᠨᠴᠠᠪ ᠬᠤᠲᠠ ᠶᠢᠨ ᠵᠧᠨ ᠰᠢᠩ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ᠂ ᠰᠢᠨ | ᠪᠢᠶᠣᠣ ᠯᠦ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠲᠣᠰ ᠲᠣᠰ ᠠᠩᠭᠢ ᠡᠬᠢᠯᠡᠬᠦ | ᠳᠠᠶᠢᠴᠢᠯᠠᠯᠲᠠ ᠬᠢᠵᠡᠭᠡᠵᠦ᠂ ᠰᠤᠷᠤᠭᠴᠢᠳ ᠢ ᠰᠢᠰᠲ᠋ᠧᠮ ᠲᠠᠢ ᠣᠨᠣᠯ ᠤᠨ ᠰᠤᠷᠤᠯᠴᠠᠯᠭ᠎ᠠ ᠪᠠ ᠦᠢᠯᠡᠳᠦᠯᠭᠡ ᠶᠢᠨ | ᠠᠵᠢᠯᠯᠠᠭ᠎ᠠ ᠪᠠᠷ ᠳᠠᠮᠵᠢᠭᠤᠯᠤᠨ ᠠᠳᠠᠯ ᠦᠢᠯᠡᠰ ᠴᠣᠭᠴᠠᠯᠠᠬᠤ ᠬᠦᠰᠡᠯ ᠢᠶᠠᠨ ᠪᠡᠶᠡᠯᠡᠭᠦᠯᠬᠦ ᠶᠢ ᠵᠣᠷᠢᠭᠵᠢᠭᠤᠯᠪᠠ᠃ | ᠲᠣᠰ ᠤᠳᠠᠭᠠᠨ ᠤ ᠪᠣᠯᠪᠠᠰᠤᠷᠠᠭᠤᠯᠤᠯ ᠳᠤ ᠬᠢᠴᠢᠶᠡᠯ ᠤᠨ ᠲᠢᠩᠭᠢᠮ ᠤᠨ ᠲᠠᠶᠢᠯᠤᠮᠵᠢ᠂ ᠬᠠᠷᠠᠭᠠᠨ ᠳᠠᠪᠲᠠᠮᠵᠢ ᠶᠢ | ᠦᠵᠡᠬᠦ ᠪᠠ ᠦᠢᠯᠡᠳᠦᠯᠭᠡ ᠶᠢᠨ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠦᠯᠵᠢᠶ᠎ᠡ ᠪᠠᠷ ᠠᠳᠠᠯ | ᠦᠢᠯᠡᠰ ᠴᠣᠭᠴᠠᠯᠠᠬᠤ᠂ ᠡᠯᠧᠺᠲᠷᠣᠨ ᠬᠤᠳᠠᠯᠳᠤᠭ᠎ᠠ ᠵᠡᠷᠭᠡ ᠬᠠᠮᠢᠶ᠎ᠠ ᠪᠦᠬᠦᠢ ᠮᠡᠳᠡᠯᠭᠡ ᠶᠢᠨ ᠲᠣᠭᠤᠷᠢᠨ ᠳᠤ | ᠲᠤᠰᠬᠠᠢ ᠮᠡᠷᠭᠡᠵᠢᠯ ᠤᠨ᠂ ᠨᠠᠷᠢᠨ ᠨᠢᠮᠪᠠᠢ ᠬᠢᠴᠢᠶᠡᠯ ᠣᠷᠣᠬᠤ ᠪᠣᠯᠣᠨ᠎ᠠ᠃ ᠣᠶᠢᠯᠠᠭᠠᠭᠰᠠᠨ ᠢᠶᠠᠷ᠂ ᠲᠣᠰ | ᠤᠳᠠᠭᠠᠨ ᠤ ᠪᠤᠯᠪᠠᠰᠤᠷᠠᠭᠤᠯᠤᠯ ᠤᠨ ᠠᠩᠭᠢ 7 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ᠂ ᠬᠥᠳᠡᠭᠡ ᠲᠣᠰᠬᠤᠨ ᠤ ᠰᠢᠯᠵᠢᠵᠦ ᠠᠵᠢᠯ ᠣᠯᠣᠭᠰᠠᠨ ᠬᠥᠳᠡᠯᠮᠦᠷᠢᠴᠢᠨ | ᠨᠡᠶᠢᠲᠡ 20 ᠭᠠᠷᠤᠢ ᠬᠥᠮᠥᠨ ᠪᠤᠯᠪᠠᠰᠤᠷᠠᠭᠤᠯᠤᠯ ᠳᠤ ᠤᠷᠤᠯᠴᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠥᠷᠭᠡᠨ ᠣᠯᠠᠨ ᠰᠤᠷᠤᠭᠴᠢᠳ ᠤᠨ ᠠᠳᠠᠯ ᠦᠢᠯᠡᠰ | ᠴᠣᠭᠴᠠᠯᠠᠬᠤ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠤᠷᠤᠭᠴᠢᠳ ᠤᠨ | ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠨᠠᠩ ᠣᠯᠠᠨ ᠰᠢᠨ᠎ᠡ ᠰᠡᠳᠬᠢᠮᠵᠢ ᠶᠢ ᠨᠡᠭᠡᠭᠡᠨ ᠥᠭᠴᠦ᠂ ᠮᠠᠨ ᠤ | ᠬᠤᠲᠠ ᠶᠢᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠠᠵᠢᠯᠯᠠᠭᠴᠢᠳ ᠤᠨ ᠤᠷ᠎ᠠ ᠴᠢᠳᠠᠪᠤᠷᠢ ᠶᠢᠨ ᠬᠢᠷᠢ | ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠵᠠᠮ ᠢ ᠣᠯᠠᠨ ᠲᠦᠮᠡᠨ ᠤ ᠵᠣᠯ | ᠵᠢᠷᠭᠠᠯ ᠤᠨ ᠵᠠᠮ ᠪᠤᠯᠭᠠᠪᠠ᠃ | | | ᠵᠣᠬᠢᠶᠠᠭᠴᠢ᠄ ᠬᠤᠤ ᠴᠧᠨ ᠹᠧᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |