ᠮᠠᠨ ᠤ ᠬᠤᠲᠠ ᠶᠢᠨ ᠬᠢᠨ 2025 ᠣᠨ ᠤ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/4
  2 ᠰᠠᠷ᠎ᠠ ᠶᠢᠨ 27 ᠤ ᠡᠳᠦᠷ᠂ ᠮᠠᠨ ᠤ ᠬᠤᠲᠠ ᠶᠢᠨ ᠬᠢᠨ 2025 ᠣᠨ ᠤ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠢ ᠬᠤᠷᠠᠯ ᠢ ᠡᠷᠭᠢᠯᠡᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠵᠦ᠂ ᠬᠤᠲᠠ ᠶᠢᠨ ᠤᠳᠤᠷᠢᠳᠤᠯᠭ᠎ᠠ ᠸᠧᠢ ᠭᠦᠸᠧ ᠴᠦᠨ᠂ ᠱᠢ ᠬᠦᠶ ᠵᠢᠶᠦ᠋ᠨ᠂ ᠵᠠᠩ ᠶᠦᠩ ᠵᠢᠶᠦ᠋ᠨ᠂ ᠸᠠᠩ ᠸᠧᠢ᠂ ᠸᠠᠩ ᠵᠢᠶᠠᠨ᠂ ᠹᠦ᠋ ᠵᠢᠶᠠᠩ ᠲᠢᠩ᠂ ᠶᠠᠩ ᠱᠦ ᠹᠧᠩ᠂ ᠵᠧᠦ ᠵᠢᠶᠠᠨ ᠫᠢᠩ ᠨᠠᠷ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠵᠧᠦ ᠵᠢᠶᠠᠨ ᠫᠢᠩ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠪᠡ︔ ᠬᠤᠲᠠ ᠶᠢᠨ ᠵᠠᠰᠠᠭ ᠤᠨ ᠣᠷᠳᠣᠨ ᠤ ᠡᠯ᠎ᠡ ᠳᠡᠳ᠋ ᠬᠤᠲᠠ ᠶᠢᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠲᠣᠬᠢᠷᠠᠭᠤᠯᠤᠯᠲᠠ ᠬᠢᠪᠡ᠃
   ᠯᠢ ᠱᠦ ᠸᠧᠢ ᠠᠵᠢᠯ ᠢᠶᠠᠨ ᠪᠠᠶᠢᠷᠢᠯᠠᠭᠤᠯᠬᠤ ᠳᠠᠭᠠᠨ᠄ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠵᠦ ᠠᠬᠤᠢ ᠨᠡᠶᠢᠭᠡᠮ ᠤᠨ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠬᠤᠯᠪᠤᠬᠳᠠᠬᠤ ᠠᠴᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠠᠮᠤᠷ ᠲᠦᠪᠰᠢᠨ ᠪᠣᠯᠣᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠤᠯᠠᠭᠠᠨ ᠱᠤᠭᠤᠮ ᠢ ᠪᠠᠲᠤ ᠰᠠᠬᠢᠵᠤ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ︔ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠠᠯᠭᠤᠷᠯᠠᠨ ᠭᠦᠨᠵᠡᠭᠡᠢ ᠥᠷᠨᠢᠭᠦᠯᠬᠦ ᠶᠢ ᠪᠠᠴᠢᠮ ᠲᠤᠯᠭᠠᠮ᠎ᠠ ᠱᠠᠭᠠᠷᠳᠠᠵᠤ᠂ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠳᠡᠭᠡᠳᠦ ᠱᠠᠲᠤ ᠶᠢᠨ ᠬᠢᠨ  ᠲᠠᠢ ᠪᠠᠨ ᠢᠳᠡᠪᠬᠢᠲᠡᠢ ᠪᠠᠷ ᠵᠣᠯᠭᠠᠭᠤᠯᠵᠤ᠂ ᠪᠠᠶᠢᠴᠠᠭᠠᠯᠲᠠ ᠶᠢ ᠬᠠᠮᠲᠤᠷᠠᠨ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠤᠨ ᠬᠡᠮ ᠰᠣᠭᠤᠭ ᠲᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠷᠬᠡᠪᠰᠢ ᠦᠨᠡᠨᠬᠦ ᠪᠠᠶᠢᠴᠠᠭᠠᠵᠤ ᠦᠨᠡᠨᠬᠦ ᠰᠠᠶᠢᠵᠢᠷᠠᠭᠤᠯᠬᠤ ᠬᠡᠷᠡᠭᠲᠡᠢ︔ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ︽ᠵᠢᠷᠭᠤᠭᠠᠨ ᠨᠢᠭᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠵᠥᠷᠢᠴᠡᠬᠦ︾ ᠦᠶᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠂ ᠠᠵᠤ ᠠᠬᠤᠶᠢᠯᠠᠯ ᠤᠨ ᠠᠮᠤᠷ ᠲᠦᠪᠰᠢᠨ ᠤ ᠤᠷᠢᠲᠠᠯ ᠳᠣᠣᠷ᠎ᠠ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠦᠨᠡᠨᠬᠦ ᠪᠠᠲᠤᠯᠠᠬᠤ ᠬᠡᠷᠡᠭᠲᠡᠢ︔ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠳᠤ ᠲᠣᠥᠷᠵᠢᠭᠤᠯᠤᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠪᠠ ᠣᠶ ᠰᠢᠭᠤᠢ ᠶᠢᠨ ᠬᠠᠮᠠᠭᠠᠯᠠᠯᠲᠠ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠭᠠᠯ ᠤᠨ ᠪᠠᠶᠢᠳᠠᠯ ᠢ ᠰᠤᠳᠤᠯᠤᠨ ᠮᠠᠭᠠᠳᠯᠠᠬᠤ᠂ ᠡᠳ᠋ ᠪᠣᠳᠠᠰ ᠢ ᠢᠯᠭᠠᠷᠠᠭᠤᠯᠤᠨ ᠪᠠᠶᠢᠴᠠᠭᠠᠬᠤ ᠪᠠ ᠪᠣᠳᠠᠲᠤ ᠪᠠᠶᠢᠯᠳᠤᠭᠠᠨ ᠤ ᠰᠣᠷᠢᠯᠲᠠ ᠶᠢ ᠰᠠᠶᠢᠲᠤᠷ ᠬᠢᠵᠦ᠂ ᠠᠵᠢᠯ ᠤᠨ ᠰᠠᠭᠤᠷᠢ ᠪᠠᠨ ᠪᠠᠲᠤᠳᠬᠠᠬᠤ ᠬᠡᠷᠡᠭᠲᠡᠢ︔ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠱᠠᠭᠠᠷᠳᠠᠯᠭ᠎ᠠ ᠪᠣᠯᠣᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠰᠠᠨᠠᠭᠠᠴᠢᠯᠠᠭ᠎ᠠ ᠠᠴᠠ ᠪᠠᠨ ᠰᠤᠳᠤᠯᠤᠨ ᠰᠦᠪᠡᠭᠴᠢᠯᠡᠵᠦ᠂ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠢᠨᠠᠨ ᠵᠢᠯᠤᠭᠤᠳᠴᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃       ᠵᠣᠬᠢᠶᠠᠭᠴᠢ᠄ ᠶᠠᠨ ᠰᠢᠶᠠ ᠹᠧᠢ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3