ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠢᠨ ᠤᠳᠤᠷᠢᠳᠬᠤ ᠪᠠᠭ ᠤᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/4
  2 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠢᠨ ᠤᠳᠤᠷᠢᠳᠬᠤ ᠪᠠᠭ ᠤᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠰᠢᠨ ᠬᠤᠷᠠᠯ ᠳᠤ ᠣᠷᠣᠯᠴᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
   ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠦᠷᠦᠭᠦᠸ ᠵᠢᠯ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠭᠰᠡᠨ ᠪᠥᠭᠡᠳ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠯ ᠪᠠᠶᠢᠴᠠᠭᠠᠯᠲᠠ ᠬᠢᠵᠦ᠂ ᠨᠠᠮ ᠤᠨ ᠰᠤᠷᠭᠠᠭᠤᠯᠢ ᠶᠢᠨ ᠪᠠᠭ ᠤᠨ ᠪᠦᠷᠢᠯᠳᠦᠭᠦᠨ ᠨᠠᠷ ᠨᠢᠭᠡᠳ ᠨᠢᠭᠡ ᠪᠠᠷ ᠬᠠᠷᠢᠴᠠᠭᠤᠯᠤᠯ ᠪᠠᠶᠢᠴᠠᠭᠠᠯᠲᠠ ᠬᠢᠭᠰᠡᠨ ᠪᠥᠭᠡᠳ ᠬᠠᠷᠢᠯᠴᠠᠨ ᠰᠢᠭᠦᠮᠵᠢᠯᠡᠯ ᠥᠷᠨᠢᠭᠦᠯᠦᠭᠰᠡᠨ ᠪᠠᠶᠢᠨ᠎ᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠦᠨᠡᠯᠡᠯᠲᠡ ᠬᠢᠵᠦ ᠶᠠᠷᠢᠶ᠎ᠠ ᠲᠠᠯᠪᠢᠪᠠ᠃
   ᠯᠢ ᠶᠢᠩ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠤᠰ ᠤᠳᠠᠭ᠎ᠠ ᠶᠢᠨ  ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠭᠦᠢᠴᠡᠳ ᠨᠤᠳᠠᠯᠠᠬᠤ ᠶᠢᠨ ᠬᠠᠮᠳᠤ ᠨᠠᠮ ᠤᠨ ᠰᠤᠷᠭᠠᠭᠤᠯᠢ ᠨᠢ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠭᠤᠣᠯ ᠵᠢᠭᠰᠠᠭᠠᠯ ᠤᠨ ᠭᠠᠵᠠᠷ᠂ ᠨᠠᠮ ᠤᠨ ᠦᠵᠡᠯ ᠰᠠᠨᠠᠭ᠎ᠠ ᠣᠨᠣᠯ ᠤᠨ ᠹᠷᠣᠨᠲ ᠤᠨ ᠭᠤᠣᠯ ᠹᠷᠣᠨᠲ ᠤᠨ ᠴᠡᠷᠢᠭ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠤᠨ ᠲᠤᠷᠰᠢ᠂ ᠰᠤᠷᠭᠠᠭᠤᠯᠢ ᠡᠷᠬᠢᠯᠡᠬᠦ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ︽ᠨᠠᠮ ᠳᠤ ᠴᠢᠳᠠᠪᠤᠷᠢᠲᠠᠨ ᠬᠥᠮᠥᠵᠢᠭᠦᠯᠵᠦ᠂ ᠨᠠᠮ ᠳᠤ ᠠᠷᠭ᠎ᠠ ᠤᠬᠠᠭᠠᠨ ᠭᠠᠷᠭᠠᠬᠤ︾ ᠤᠭ ᠰᠠᠨᠠᠭ᠎ᠠ ᠶᠢ ᠪᠠᠲᠤ ᠴᠡᠭᠡᠵᠢᠯᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ᠂ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠥᠮᠥᠵᠢᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ  ᠦᠵᠡᠭᠦᠯᠦᠭᠰᠡᠨ ᠴᠦ ᠤᠳᠤᠷᠢᠳᠬᠤ ᠪᠠᠭ ᠤᠨ ᠬᠢᠨ ᠬᠤᠪᠢᠰᠬᠠᠯ ᠤᠨ ᠤᠭ ᠰᠠᠨᠠᠭ᠎ᠠ ᠶᠢ ᠰᠠᠶᠢᠲᠤᠷ ᠰᠠᠬᠢᠵᠤ᠂ ᠦᠨᠡᠨᠴᠢ ᠰᠢᠳᠤᠷᠭᠤ ᠰᠡᠳᠬᠢᠯ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ︔ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠯᠠᠪᠳᠠᠭᠤᠨ ᠪᠠᠲᠤᠲᠠᠢ ᠪᠠᠶᠢᠬᠤ ᠶᠢ ᠪᠠᠲᠤᠯᠠᠬᠤ ᠬᠡᠷᠡᠭᠲᠡᠢ︔ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠠᠮ ᠤᠨ ᠰᠤᠷᠭᠠᠭᠤᠯᠢ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠶᠣᠰᠣ ᠳᠦᠷᠢᠮ ᠤᠨ ᠤᠬᠠᠮᠰᠠᠷ ᠢ ᠰᠠᠶᠢᠲᠤᠷ ᠪᠤᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ︔ ᠰᠤᠷᠭᠠᠭᠤᠯᠢ ᠶᠢᠨ ᠰᠤᠷᠲᠠᠯ᠂ ᠰᠤᠷᠭᠠᠨ ᠬᠥᠮᠦᠵᠢᠯ ᠤᠨ ᠰᠤᠷᠲᠠᠯ᠂ ᠰᠤᠷᠤᠯᠴᠠᠯᠭ᠎ᠠ ᠶᠢᠨ ᠰᠤᠷᠲᠠᠯ᠂ ᠬᠤᠷᠠᠯ ᠤᠨ ᠰᠤᠷᠲᠠᠯ᠂ ᠵᠣᠬᠢᠶᠠᠯ ᠤᠨ ᠰᠤᠷᠲᠠᠯ ᠤᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠤᠪᠢᠰᠬᠠᠯ ᠤᠨ ᠶᠡᠭᠡ ᠰᠤᠷᠭᠠᠭᠤᠯᠢ ᠶᠢᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠵᠤ᠂ ᠨᠠᠮ ᠤᠨ ᠰᠤᠷᠭᠠᠭᠤᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠭᠠᠷᠠᠢ ᠭᠡᠪᠡ᠃         ᠵᠣᠬᠢᠶᠠᠭᠴᠢ᠄ ᠰᠢᠤᠸᠠᠨ ᠶᠠᠨ  ᠪᠠᠢ ᠯᠢ ᠨᠠ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3