| —— ᠹᠧᠩᠵᠧᠨ ᠬᠤᠲᠠ ᠶᠢᠨ ︽ᠬᠤᠶᠠᠷ ᠰᠠᠷ᠎ᠠ ᠶᠢᠨ ᠬᠤᠶᠠᠷ︾ ᠤᠨ ᠬᠠᠪᠤᠷ ᠤᠨ ᠤᠯᠠᠷᠢᠯ ᠤᠨ ᠵᠠᠩ | ᠦᠢᠯᠡ ᠶᠢᠨ ᠪᠤᠭᠤᠷᠤᠯᠴᠤᠳ ᠤᠨ ᠰᠣᠶᠣᠯ ᠤᠨ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ ᠪᠠᠶᠢᠨ᠎ᠠ | | ᠹᠧᠩᠵᠧᠨ ᠬᠤᠳᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ | ᠦᠢᠯᠡᠴᠢᠯᠡᠭᠡᠨ ᠤ ᠠᠩᠭᠢ ᠵᠢᠴᠢ ᠡᠯ᠎ᠡ ᠤᠯᠠᠨ ᠲᠦᠮᠡᠨ ᠤ ᠤᠳᠬ᠎ᠠ ᠤᠷᠠᠯᠢᠭ ᠤᠨ ᠨᠡᠶᠢᠭᠡᠮᠯᠢᠭ ᠤᠨ ᠬᠢᠨ ᠭᠠᠷ ᠬᠤᠯᠪᠣᠯᠴᠠᠵᠤ | ︽ᠬᠤᠶᠠᠷ ᠰᠠᠷ᠎ᠠ ᠶᠢᠨ ᠬᠤᠶᠠᠷ︾ ᠤᠨ ᠬᠠᠪᠤᠷ ᠤᠨ ᠤᠯᠠᠷᠢᠯ ᠤᠨ ᠵᠠᠩ ᠦᠢᠯᠡ ᠶᠢᠨ ᠪᠤᠭᠤᠷᠤᠯᠴᠤᠳ ᠤᠨ ᠰᠣᠶᠣᠯ ᠤᠨ | ᠠᠵᠢᠯᠯᠠᠭ᠎ᠠ ᠶᠢ ᠬᠠᠮᠲᠤᠪᠠᠷ ᠡᠷᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠹᠧᠩ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ | ᠠᠵᠢᠯᠯᠠᠭ᠎ᠠ ᠳᠤ ᠤᠷᠤᠯᠴᠠᠪᠠ᠃ | | ᠬᠥᠮᠥᠰ ᠠᠷᠠᠳ ᠤᠨ ᠴᠡᠴᠡᠷᠯᠢᠭ ᠤᠨ ᠠᠭᠤᠳᠠᠮ ᠲᠠᠯᠠᠪᠠᠢ ᠳᠤ ᠴᠤᠭᠯᠠᠷᠠᠵᠤ᠂ ᠬᠦᠷ ᠬᠥᠭᠵᠢᠶᠡᠨ ᠢᠶᠠᠷ ᠪᠢᠯᠬᠠᠨ᠎ᠠ᠃ | ᠶᠠᠩᠭᠠᠷ ᠪᠥᠵᠢᠭ ᠤᠨ ᠠᠩᠭᠢ ᠪᠠ ᠪᠥᠵᠢᠭ ᠤᠨ ᠠᠩᠭᠢ ᠶᠢᠨ ᠲᠣᠭᠯᠠᠭᠴᠢᠳ ᠥᠩᠭᠡ ᠢᠯᠭᠠᠷᠠᠮ᠎ᠠ ᠬᠤᠪᠴᠠᠰᠤ ᠡᠮᠦᠰᠦᠨ᠂ | ᠣᠷᠭᠢᠯᠤᠮ᠎ᠠ ᠰᠠᠶᠢᠬᠠᠨ ᠬᠥᠭᠵᠢᠮ ᠤᠨ ᠠᠶ᠎ᠠ ᠶᠢ ᠳᠠᠭᠠᠵᠤ ᠳᠡᠪᠬᠡᠷᠦᠨ ᠪᠥᠵᠢᠭᠯᠡᠨ᠎ᠡ᠃ ᠰᠡᠳᠬᠢᠯ ᠬᠥᠳᠡᠯᠭᠡᠮ᠎ᠡ ᠬᠦᠭ ᠠᠶᠠᠰ᠂ | ᠬᠦᠩᠭᠢᠨᠡᠮ᠎ᠡ ᠠᠯᠬᠤᠭ᠎ᠠ᠂ ᠪᠠᠶᠠᠷ ᠪᠠᠶᠠᠰᠬᠤᠯᠠᠩ ᠲᠠᠢ ᠪᠥᠵᠢᠭ ᠤᠨ ᠳᠦᠷᠢ ᠪᠠᠶᠢᠳᠠᠯ ᠨᠢ ᠴᠥᠮ ᠹᠧᠩᠵᠧᠨ ᠤ ᠠᠷᠠᠳ | ᠲᠦᠮᠡᠨ ᠤ ᠢᠳᠡᠪᠬᠢᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠳᠠᠷᠠᠭ᠎ᠠ ᠳᠤᠨᠢ᠂ | ᠬᠤᠪᠢᠰᠬᠠᠯ ᠤᠨ ᠳᠠᠭᠤᠤ ᠬᠠᠩᠭᠢᠨᠠᠨ ᠴᠤᠤᠷᠢᠶᠠᠲᠤᠵᠤ᠂ ᠬᠥᠮᠥᠰ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠠᠯᠠᠭᠤᠨ | ᠬᠠᠶᠢᠷ᠎ᠠ ᠪᠣᠯᠣᠨ ᠬᠦᠰᠡᠯ ᠡᠷᠡᠮᠡᠯᠵᠡᠯ ᠢ ᠢᠯᠡᠳᠭᠡᠪᠡ᠃ | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠥᠵᠢᠭ ᠤᠨ ᠠᠩᠭᠢ ᠶᠢᠨ ᠬᠢᠨ ᠶᠠᠩᠭᠠᠷ ᠪᠥᠵᠢᠭ ᠤᠨ ᠠᠩᠭᠢ ᠶᠢᠨ | ᠬᠢᠨ ᠲᠠᠢ ᠬᠠᠮᠵᠢᠯᠴᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠭᠠᠷ ᠤᠲᠠᠰᠤ ᠪᠠᠷ ᠢᠶᠠᠨ ᠡᠨᠡᠬᠦ ᠭᠤᠶᠢᠳᠠ ᠰᠠᠶᠢᠬᠠᠨ | ᠭᠱᠠᠨ ᠢ ᠲᠡᠮᠳᠡᠭᠯᠡᠪᠡ᠃ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ᠂ ᠤᠷᠠᠶᠢᠯᠠᠨ ᠬᠠᠰᠬᠢᠷᠬᠤ ᠲᠠᠭᠤᠨ ᠲᠠᠰᠤᠷᠠᠯᠳᠠ ᠦᠭᠡᠢ | ᠴᠤᠤᠷᠢᠶᠠᠲᠤᠵᠤ᠂ ᠠᠵᠢᠯᠯᠠᠭ᠎ᠠ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠪᠡ᠃ | | | | | | | ︽ᠬᠤᠶᠠᠷ ᠰᠠᠷ᠎ᠠ ᠶᠢᠨ ᠬᠤᠶᠠᠷ︾ ᠤᠨ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠨᠢ ᠤᠯᠠᠮᠵᠢᠯᠠᠯᠲᠤ ᠵᠠᠩ | ᠳᠠᠳᠬᠠᠯ ᠢ ᠤᠯᠠᠮᠵᠢᠯᠠᠨ ᠪᠠᠳᠠᠷᠠᠭᠤᠯᠵᠤ ᠪᠠᠶᠢᠭ᠎ᠠ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠥᠷᠭᠡᠨ ᠤᠯᠠᠨ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ ᠵᠥᠩᠨᠡᠯ ᠪᠣᠯᠬᠤ ᠶᠤᠮ᠃ ᠤᠷᠠᠨ ᠰᠠᠶᠢᠬᠠᠨ ᠤ | ᠲᠣᠭᠯᠠᠯᠲᠠ ᠨᠢ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ | ᠦᠭᠡᠢ ᠪᠠᠰᠠ ᠰᠢᠨ᠎ᠡ ᠴᠠᠭ ᠦᠶ᠎ᠡ ᠶᠢᠨ ᠹᠧᠩᠴᠤᠸᠠᠨ ᠤ ᠬᠥᠪᠡᠭᠦᠳ ᠥᠬᠢᠳ ᠤᠨ ᠴᠤᠭ ᠪᠠᠳᠠᠷᠠᠩᠭᠤᠢ ᠥᠭᠡᠳᠡᠯᠡᠨ | ᠲᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ | ᠢᠯᠡᠷᠡᠭᠦᠯᠦᠭᠰᠡᠨ ᠪᠠᠶᠢᠨ᠎ᠠ᠃ | | | | | ᠵᠣᠬᠢᠶᠠᠭᠴᠢ᠄ ᠵᠠᠩ ᠿᠢ ᠵᠢᠤᠸᠠᠨ ᠭᠦᠸᠧ ᠬᠤᠶ ᠮᠢᠨ ᠷᠧᠨ ᠬᠠᠢ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |