ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ︽ᠡᠮᠡᠭᠲᠡᠶᠢᠴᠦᠳ ᠤᠨ ᠥᠩᠭᠡ ᠭᠢᠯᠪᠠᠭ᠎ᠠ ᠪᠠᠨ ᠪᠠᠳᠠᠷᠠᠭᠤᠯᠤᠶ᠎ᠠ︾ ᠭᠡᠬᠦ ᠭᠤᠷᠪᠠᠨ ᠰᠠᠷ᠎ᠠ ᠶᠢᠨ ᠨᠠᠢᠮᠠᠨ ᠤ ᠪᠠᠶᠠᠷ ᠤᠨ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/3/6
   115 ᠳ᠋ᠤᠭᠠᠷ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠡᠮᠡᠭᠲᠡᠢ ᠠᠵᠢᠯᠲᠠᠨ ᠠᠵᠢᠯᠴᠢᠨ ᠤ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠠᠵᠢᠯ ᠮᠡᠷᠭᠡᠵᠢᠯ ᠤᠨ ᠳᠦᠷᠢ ᠲᠥᠷᠬᠦ ᠪᠠ ᠭᠤᠸ᠎ᠠ ᠲᠠᠭᠠᠰᠢᠶᠠᠯ ᠤᠨ ᠴᠢᠨᠠᠷ ᠳᠡᠰ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 5 ᠤ ᠡᠳᠦᠷ᠂ ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ︽ᠡᠮᠡᠭᠲᠡᠶᠢᠴᠦᠳ ᠤᠨ ᠥᠩᠭᠡ ᠭᠢᠯᠪᠠᠭ᠎ᠠ ᠪᠠᠨ ᠪᠠᠳᠠᠷᠠᠭᠤᠯᠤᠶ᠎ᠠ︾ ᠭᠡᠬᠦ ᠭᠤᠷᠪᠠᠨ ᠰᠠᠷ᠎ᠠ ᠶᠢᠨ ᠨᠠᠢᠮᠠᠨ ᠤ ᠪᠠᠶᠠᠷ ᠤᠨ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠲᠥᠰᠥᠪᠯᠡᠵᠦ᠂ ᠺᠣᠮᠫᠠᠨᠢ ᠶᠢᠨ ᠮᠠᠰᠢ ᠤᠯᠠᠨ ᠡᠮᠡᠭᠲᠡᠢ ᠠᠵᠢᠯᠲᠠᠨ ᠠᠵᠢᠯᠴᠢᠨ ᠤ ᠤᠷᠤᠯᠴᠠᠬᠤ ᠢᠳᠡᠪᠬᠢᠵᠢᠯ ᠢ ᠬᠦᠭᠵᠢᠭᠡᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠲᠤᠰᠬᠠᠢ ᠴᠢᠮᠡᠭᠯᠡᠭᠴᠢ ᠶᠢ ᠤᠷᠢᠵᠤ᠂ ᠠᠷᠠᠰᠤᠨ ᠤ ᠠᠷᠠᠴᠢᠯᠠᠯ ᠤᠨ ᠦᠨᠳᠦᠰᠦᠨ ᠮᠡᠳᠡᠯᠭᠡ ᠪᠠ ᠠᠳᠠᠯᠢ ᠪᠤᠰᠤ ᠠᠷᠠᠰᠤᠨ ᠤ ᠠᠷᠠᠴᠢᠯᠠᠯ ᠤᠨ ᠭᠤᠣᠯᠳᠠᠯᠭ᠎ᠠ ᠶᠢ ᠣᠯᠠᠨ ᠳᠤ ᠨᠠᠷᠢᠨ ᠲᠠᠶᠢᠯᠪᠤᠷᠢᠯᠠᠵᠤ ᠦᠭᠪᠡ᠃ ᠡᠭᠦᠨ ᠤ ᠳᠠᠷᠠᠭ᠎ᠠ᠂ ᠭᠤᠶᠣᠯᠠᠭᠴᠢ ᠠᠭᠠᠵᠢᠮ ᠢᠶᠠᠷ ᠭᠤᠶᠣᠯᠠᠯ ᠤᠨ ᠤᠷ᠎ᠠ ᠮᠡᠷᠭᠡᠵᠢᠯ  ᠢᠶᠠᠨ ᠦᠵᠡᠭᠦᠯᠵᠦ᠂ ᠠᠳᠠᠯᠢ ᠪᠤᠰᠤ ᠲᠠᠯᠠᠪᠤᠷ ᠲᠤ ᠲᠣᠬᠢᠷᠠᠮᠵᠢᠲᠠᠢ ᠭᠤᠶᠣᠯᠠᠯ ᠢ ᠰᠣᠩᠭᠤᠨ᠂ ᠮᠠᠰᠢ ᠣᠯᠠᠨ ᠬᠡᠷᠡᠭᠯᠡᠭᠡᠨ ᠤ ᠤᠷ᠎ᠠ ᠮᠡᠷᠭᠡᠵᠢᠯ ᠢ ᠬᠤᠪᠢᠶᠠᠯᠴᠠᠨ ᠡᠳ᠋ᠯᠡᠵᠦ᠂ ᠡᠮᠡᠭᠲᠡᠢ ᠠᠵᠢᠯᠲᠠᠨ ᠤ ᠡᠳᠦᠷ ᠲᠤᠲᠤᠮ ᠤᠨ ᠠᠮᠢᠳᠤᠷᠠᠯ ᠳᠤ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ ᠡᠮᠡᠭᠲᠡᠢ ᠠᠵᠢᠯᠲᠠᠳ ᠪᠥᠬᠦ ᠠᠩᠬᠠᠷᠤᠯ ᠢᠶᠠᠨ ᠲᠥᠪᠯᠡᠷᠡᠭᠦᠯᠦᠨ ᠰᠣᠨᠣᠰᠴᠤ᠂ ᠭᠠᠷ ᠤᠲᠠᠰᠤᠨ ᠤ ᠲᠡᠮᠳᠡᠭᠯᠡᠯ ᠤᠨ ᠵᠠᠩᠭᠢᠯᠠᠭ᠎ᠠ ᠶᠢᠨ ᠠᠯᠬᠤᠮ ᠳᠠᠷᠠᠭ᠎ᠠ ᠪᠠᠨ ᠪᠠᠶᠢᠨ ᠪᠠᠶᠢᠨ ᠭᠠᠷᠭᠠᠵᠤ᠂ ᠲᠤᠬᠠᠢ ᠶᠢᠨ ᠲᠠᠯᠠᠪᠤᠷ ᠲᠤ ᠰᠤᠷᠤᠯᠴᠠᠬᠤ ᠠᠭᠤᠷ ᠠᠮᠢᠰᠬᠤᠯ ᠢᠶᠠᠷ ᠭᠦᠨ ᠵᠤᠵᠠᠭᠠᠨ ᠪᠠᠶᠢᠯ᠎ᠠ᠃
   ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ᠡᠮᠡᠭᠲᠡᠢ ᠠᠵᠢᠯᠲᠠᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠡᠮᠡᠭᠲᠡᠢ ᠠᠵᠢᠯᠲᠠᠨ ᠠᠵᠢᠯᠴᠢᠨ ᠳᠤ ᠥᠪᠡᠷ ᠢ ᠪᠠᠨ ᠳᠡᠯᠭᠡᠨ ᠦᠵᠡᠭᠦᠯᠬᠦ᠂ ᠥᠪᠡᠷ ᠢ ᠪᠠᠨ ᠳᠡᠭᠡᠭᠰᠢᠯᠡᠭᠦᠯᠬᠦ ᠲᠠᠪᠴᠠᠩ ᠬᠠᠩᠭᠠᠵᠤ᠂ ᠡᠮᠡᠭᠲᠡᠢ ᠠᠵᠢᠯᠲᠠᠨ ᠠᠵᠢᠯᠴᠢᠨ ᠤ ᠺᠣᠮᠫᠠᠨᠢ  ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠳᠤᠮᠳᠠᠬᠢ ︽ᠬᠠᠭᠠᠰ ᠲᠡᠭᠷᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ ᠳᠠᠷᠠᠭᠠᠴᠢ ᠶᠢᠨ ᠠᠯᠬᠤᠮ ᠳᠤ᠂ ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ᠬᠥᠮᠥᠨ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠣᠯᠠᠨ ᠵᠦᠢᠯ ᠤᠨ ᠬᠡᠯᠪᠡᠷᠢ ᠶᠢᠨ᠂ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠨᠡᠩ ᠣᠯᠠᠨ ᠵᠣᠬᠢᠶᠠᠨ ᠪᠠᠶᠢᠭᠤᠯᠵᠤ᠂ ᠡᠮᠡᠭᠲᠡᠢ ᠠᠵᠢᠯᠲᠠᠨ ᠠᠵᠢᠯᠴᠢᠨ ᠤ ᠠᠵᠢᠯ ᠠᠮᠢᠳᠤᠷᠠᠯ ᠤᠨ ᠳᠤᠮᠳᠠ ᠨᠡᠩ ᠢᠯᠡᠭᠦᠦ ᠭᠡᠷᠡᠯ ᠭᠢᠯᠪᠠᠭ᠎ᠠ ᠪᠠᠨ ᠰᠠᠴᠤᠷᠠᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ᠃          ᠵᠣᠬᠢᠶᠠᠭᠴᠢ᠄ ᠵᠠᠩ ᠿᠢ ᠵᠢᠤᠸᠠᠨ  ᠷᠧᠨ ᠬᠠᠢ ᠶᠠᠨ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3