| —— ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠢᠨ ︽ᠭᠤᠷᠪᠠᠨ | ᠰᠠᠷ᠎ᠠ ᠶᠢᠨ ᠨᠠᠢᠮᠠᠨ︾ ᠤ ᠡᠮᠡᠭᠲᠡᠶᠢᠴᠦᠳ ᠤᠨ ᠪᠠᠶᠠᠷ ᠤᠨ ᠭᠤᠣᠯ ᠰᠡᠳᠦᠪᠲᠦ ᠠᠵᠢᠯᠯᠠᠭ᠎ᠠ ᠶᠢ ᠵᠤᠬᠢᠶᠠᠨ ᠪᠠᠶᠢᠭᠤᠯᠵᠤ | ᠥᠷᠨᠢᠭᠦᠯᠪᠡ | | 3 ᠰᠠᠷ᠎ᠠ ᠶᠢᠨ 5 ᠤ ᠡᠳᠦᠷ᠂ 115 ᠳ᠋ᠤᠭᠠᠷ ︽ᠭᠤᠷᠪᠠᠨ ᠰᠠᠷ᠎ᠠ ᠶᠢᠨ ᠨᠠᠢᠮᠠᠨ︾ ᠤ ᠳᠡᠯᠡᠬᠡᠢ ᠶᠢᠨ | ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ | ᠬᠤᠷᠠᠯ ᠤᠨ ᠬᠢᠨ ᠬᠠᠯᠠᠭᠤᠨ ᠳᠣᠲᠣᠨᠣ ᠪᠥᠭᠡᠳ ᠠᠴᠢ ᠬᠤᠯᠪᠣᠭᠳᠠᠯ ᠪᠦᠬᠦᠢ ᠭᠤᠣᠯ ᠰᠡᠳᠦᠪᠲᠦ ᠠᠵᠢᠯᠯᠠᠭ᠎ᠠ ᠶᠢ | ᠵᠤᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ | ᠡᠮᠡᠭᠲᠡᠶᠢᠴᠦᠳ ᠲᠤ ᠰᠣᠷᠭᠤᠭ ᠴᠡᠴᠡᠭ ᠪᠠ ᠪᠠᠶᠠᠷ ᠤᠨ ᠡᠳᠦᠷ ᠤᠨ ᠵᠦᠩᠨᠡᠯ ᠳᠡᠪᠰᠢᠭᠦᠯᠪᠡ᠃ | | ᠲᠣᠰ ᠤᠳᠠᠭᠠᠨ ᠤ ᠠᠵᠢᠯᠯᠠᠭ᠎ᠠ ᠨᠢ ︽3 · 8︾ ᠤ ᠡᠷᠬᠡ ᠪᠠᠨ ᠬᠠᠮᠠᠭᠠᠯᠠᠬᠤ ᠰᠠᠷ᠎ᠠ ᠶᠢᠨ ᠠᠵᠢᠯᠯᠠᠭ᠎ᠠ ᠶᠢ | ᠵᠡᠷᠭᠡᠪᠡᠷ ᠡᠬᠢᠯᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠡᠮᠡᠭᠲᠡᠶᠢᠴᠦᠳ ᠤᠨ | ᠬᠤᠯᠪᠣᠭ᠎ᠠ ᠶᠢᠨ ᠠᠵᠢᠯᠲᠠᠳ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠵᠡᠭᠡᠯᠢ ᠳᠤ ᠭᠠᠷᠴᠤ᠂ | ᠡᠮᠡᠭᠲᠡᠶᠢᠴᠦᠳ ᠲᠤ ᠰᠣᠷᠭᠤᠭ ᠴᠡᠴᠡᠭ ᠪᠠ ᠬᠠᠶᠢᠷ᠎ᠠ ᠬᠠᠯᠠᠮᠵᠢ ᠪᠠᠨ ᠬᠦᠷᠭᠡᠪᠡ᠃ ᠡᠭᠦᠨ ᠤ ᠬᠠᠮᠲᠤ᠂ ᠲᠤᠬᠠᠢ ᠶᠢᠨ | ᠲᠠᠯᠠᠪᠤᠷ ᠲᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠵᠡᠷᠭᠡ ᠡᠷᠬᠡ ᠪᠠᠨ ᠬᠠᠮᠠᠭᠠᠯᠠᠬᠤ ᠭᠠᠷ ᠳᠡᠪᠲᠡᠷ ᠢ | ᠲᠠᠷᠬᠠᠭᠠᠬᠤ ᠶᠢᠨ ᠬᠠᠮᠲᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ᠂ ᠡᠮᠡᠭᠲᠡᠶᠢᠴᠦᠳ ᠢ ᠬᠠᠪᠰᠤᠷᠤᠨ | ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠷᠠᠭᠤᠯᠵᠤ᠂ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠢ | ᠳᠡᠭᠡᠭᠰᠢᠯᠡᠭᠦᠯᠪᠡ᠃ ᠡᠨᠡᠬᠦ ᠠᠵᠢᠯᠯᠠᠭ᠎ᠠ ᠨᠢ ᠥᠷᠭᠡᠨ ᠣᠯᠠᠨ ᠡᠮᠡᠭᠲᠡᠶᠢᠴᠦᠳ ᠤᠨ ᠬᠦᠷᠢᠶᠡᠯᠡᠯ ᠢ ᠣᠯᠵᠤ᠂ | ᠣᠯᠠᠨ ᠢᠶᠠᠷ ᠢᠶᠠᠨ ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠢ ᠭᠥᠷᠳᠡᠭᠰᠡᠨ ᠢᠶᠠᠷ ᠪᠠᠷᠠᠬᠤ ᠦᠭᠡᠢ ᠪᠠᠰᠠ ᠪᠣᠳᠠᠲᠤ | ᠬᠡᠷᠡᠭᠯᠡᠭᠡᠨ ᠤ ᠬᠠᠤᠯᠢ ᠴᠠᠭᠠᠵᠠ ᠶᠢᠨ ᠮᠡᠳᠡᠯᠭᠡ ᠶᠢ ᠰᠣᠷᠣᠭᠰᠠᠨ ᠪᠠᠶᠢᠨ᠎ᠠ ᠭᠡᠵᠦ ᠢᠯᠡᠷᠭᠡᠶᠢᠯᠡᠵᠡᠭᠡᠪᠡ᠃ | | | | | | ᠲᠣᠰ ᠤᠳᠠᠭᠠᠨ ᠤ ᠠᠵᠢᠯᠯᠠᠭ᠎ᠠ ᠨᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ | ᠦᠭᠡᠢ ᠨᠠᠩ ᠣᠯᠠᠨ ᠡᠮᠡᠭᠲᠡᠶᠢᠴᠦᠳ ᠲᠤ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ ᠣᠶᠢᠯᠠᠭᠠᠭᠤᠯᠵᠤ᠂ | ᠪᠥᠬᠦ ᠨᠡᠶᠢᠭᠡᠮ ᠢᠶᠠᠷ ᠢᠶᠠᠨ ᠡᠮᠡᠭᠲᠡᠶᠢᠴᠦᠳ ᠤᠨ ᠡᠷᠬᠡ ᠠᠰᠢᠭ ᠢ ᠬᠠᠮᠳᠤᠪᠠᠷ ᠠᠩᠬᠠᠷᠬᠤ᠂ ᠡᠮᠡᠭᠲᠡᠶᠢᠴᠦᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠢ ᠤᠯᠠᠮ ᠨᠢᠭᠡ ᠠᠯᠬᠤᠮ ᠲᠦᠯᠬᠢᠨ | ᠠᠬᠢᠭᠤᠯᠪᠠ᠃ | | | ᠵᠣᠬᠢᠶᠠᠭᠴᠢ᠄ ᠶᠠᠨ ᠰᠢᠶᠠ ᠹᠧᠢ ᠭᠦᠸᠧ ᠬᠤᠶ ᠮᠢᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |