ᠯᠢ ᠶᠢᠩ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠪᠠ ᠠᠵᠢᠯᠯᠠᠭᠠᠨ ᠤ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠲᠥᠪ ᠤᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/6
  3 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠪᠠ ᠠᠵᠢᠯᠯᠠᠭᠠᠨ ᠤ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠲᠥᠪ ᠤᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠤᠳᠤᠷᠢᠳᠤᠯᠭ᠎ᠠ ᠸᠧᠢ ᠭᠦᠸᠧ ᠴᠦᠨ ᠪᠤᠯᠤᠨ ᠵᠠᠩ ᠰᠢᠨ ᠣᠷᠣᠯᠴᠠᠪᠠ᠃
   ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ᠂ ᠯᠢ ᠶᠢᠩ ᠶᠠᠪᠤᠬᠤ ᠶᠢᠨ ᠳᠠᠭᠠᠤ ᠦᠵᠡᠵᠦ᠂ ᠶᠡᠭᠡ ᠲᠢᠩᠬᠢᠮ ᠤᠨ ᠪᠠᠶᠢᠷᠢᠰᠢᠭᠤᠯᠤᠯᠲᠠ ᠶᠢᠨ ᠪᠠᠶᠢᠷᠢᠯᠠᠭᠤᠯᠤᠯᠲᠠ᠂ ᠪᠠᠶᠢᠭᠤᠯᠭ᠎ᠠ ᠶᠢᠨ ᠣᠷᠣᠵᠤ ᠰᠠᠭᠤᠭᠰᠠᠨ᠂ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ᠂ ᠴᠣᠩᠬᠤᠨ ᠠᠴᠠ ᠡᠷᠬᠡ ᠣᠯᠭᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ︔ ᠴᠣᠩᠬᠤᠨ ᠤ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠴᠣᠩᠬᠤᠨ ᠤ ᠮᠥᠷᠯᠡᠯ᠂ ᠠᠵᠢᠯ ᠤᠨ ᠶᠠᠪᠤᠴᠠ᠂ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃
   ᠯᠢ ᠶᠢᠩ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠤᠯᠠᠨ ᠲᠦᠮᠡᠨ ᠤ ᠠᠵᠤ ᠠᠬᠤᠶᠢᠯᠠᠯ ᠲᠠᠢ ᠬᠠᠷᠢᠯᠴᠠᠬᠤ ᠴᠢᠬᠤᠯᠠ ᠲᠠᠪᠴᠠᠩ᠂ ᠮᠥᠨᠴᠦ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠭᠠᠳᠠᠭᠠᠳᠤ ᠳᠤ ᠬᠠᠨᠳᠤᠭᠤᠯᠤᠭᠰᠠᠨ ᠳᠦᠷᠢ ᠲᠥᠷᠬᠦ ᠶᠢ ᠢᠯᠡᠷᠡᠭᠦᠯᠬᠦ ᠴᠢᠬᠤᠯᠠ ᠴᠣᠩᠬᠤ  ᠤᠴᠢᠷ ᠠᠴᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠨᠢᠭᠲᠠ ᠤᠶᠠᠯᠳᠤᠭᠤᠯᠤᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠵᠢᠷᠤᠮᠵᠢᠭᠤᠯᠤᠨ᠂ ᠦᠢᠯᠡᠴᠢᠯᠡᠭᠡᠨ ᠤ ᠲᠠᠰ ᠳᠠᠷᠠᠭᠠᠯᠠᠯ ᠢ ᠰᠢᠯᠢᠳᠡᠭᠵᠢᠭᠦᠯᠵᠦ᠂ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨᠵᠢᠯᠡᠬᠦ ᠤᠬᠠᠭᠠᠨᠴᠢᠯᠠᠯᠲᠠ᠂ ᠪᠠᠷᠢᠮᠵᠢᠶᠠᠵᠢᠭᠤᠯᠤᠯᠲᠠ᠂ ᠳᠥᠭᠦᠮ ᠳᠥᠲᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠴᠣᠩᠬᠤᠨ ᠤ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠵᠢᠷᠤᠮᠵᠢᠭᠤᠯᠤᠨ᠂ ᠬᠠᠯᠠᠭᠤᠨ ᠰᠡᠳᠬᠢᠯᠭᠡ ᠲᠠᠢ᠂ ᠰᠡᠳᠬᠢᠯ ᠲᠠᠭᠠᠯᠠᠮᠵᠢᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ︔ ᠠᠵᠤ ᠠᠬᠤᠶᠢᠯᠠᠯ ᠪᠣᠯᠣᠨ ᠤᠯᠠᠨ ᠲᠦᠮᠡᠨ ᠤ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠵᠤ᠂ ᠨᠠᠷᠢᠯᠢᠭᠵᠢᠭᠤᠯᠤᠭᠰᠠᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠬᠠᠩᠭᠠᠵᠤ᠂ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠠᠵᠢᠯᠲᠠᠨ ᠤ ᠬᠠᠮᠢᠶᠠᠷᠤᠯᠲᠠ ᠪᠠ ᠰᠤᠷᠤᠯᠴᠠᠯᠭ᠎ᠠ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠰᠠᠶᠢᠨ ᠰᠠᠶᠢᠬᠠᠨ ᠦᠢᠯᠡᠴᠢᠯᠡᠭᠡᠨ ᠤ ᠴᠣᠩᠬᠤᠨ ᠤ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠢ ᠭᠡᠪᠡ᠃    ᠳᠠᠷᠠᠭ᠎ᠠ ᠨᠢ᠂ ᠯᠢ ᠶᠢᠩ ᠨᠠᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃      ᠵᠣᠬᠢᠶᠠᠭᠴᠢ᠄ ᠰᠢᠤᠸᠠᠨ ᠶᠠᠨ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3