| ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠬᠤᠶᠠᠷ ᠬᠤᠷᠠᠯ ᠤᠨ ᠬᠤᠭᠤᠴᠠᠭᠠᠨ ᠳᠠᠬᠢ ︽ᠲᠠᠪᠤᠨ | ᠬᠠᠩᠭᠠᠯᠭ᠎ᠠ︾ ᠶᠢᠨ ᠨᠢᠭᠡᠴᠡ ᠶᠢᠨ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠶᠢ ᠲᠡᠭᠡᠭᠰᠢᠯᠡᠬᠦᠯᠦᠨ᠂ ᠡᠯ᠎ᠡ ᠨᠢᠭᠡᠴᠡ ᠯᠦᠭᠡ ᠬᠠᠮᠵᠢᠯᠴᠠᠨ ᠪᠠᠶᠢᠯᠳᠤᠬᠤ ᠬᠢᠷᠢ ᠬᠡᠮᠵᠢᠶ᠎ᠡ ᠶᠢ ᠴᠢᠩᠭᠠᠷᠠᠭᠤᠯᠬᠤ ᠶᠢᠨ | ᠲᠦᠯᠦᠭᠡ᠂ 2 ᠰᠠᠷ᠎ᠠ ᠶᠢᠨ 27 ᠤ ᠡᠳᠦᠷ᠂ ᠹᠧᠩᠵᠧᠨ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ | ᠠᠩᠭᠢ ᠪᠤᠯᠤᠨ ᠪᠠᠢ ᠪᠦᠦ ᠵᠤᠸᠠᠩ ᠵᠠᠮ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ᠂ ᠹᠧᠩᠵᠧᠨ ᠬᠤᠲᠠ ᠶᠢᠨ | ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ᠂ ᠹᠧᠩᠵᠧᠨ ᠡᠨᠧᠷᠭᠢ ᠶᠢᠨ ᠰᠤᠷᠪᠤᠯᠵᠢ ᠶᠢᠨ | ᠴᠠᠬᠢᠯᠭᠠᠨ ᠭᠠᠷᠭᠠᠬᠤ ᠦᠢᠯᠡᠳᠪᠦᠷᠢ ᠶᠢᠨ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ᠂ ᠵᠢᠩ ᠯᠦᠩ ᠴᠠᠬᠢᠯᠭᠠᠨ | ᠭᠠᠷᠭᠠᠬᠤ ᠦᠢᠯᠡᠳᠪᠦᠷᠢ ᠶᠢᠨ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠵᠢᠴᠢ ᠨᠣᠷᠲᠠᠶ ᠡᠮᠨᠡᠯᠭᠡ ᠶᠢᠨ | ᠬᠤᠷᠢᠶ᠎ᠠ ᠶᠢᠨ ᠬᠢᠨ ᠲᠠᠢ ᠬᠠᠮᠲᠤᠷᠠᠨ ᠥᠪᠥᠷ ᠮᠣᠩᠭᠤᠯ ᠤᠨ ᠵᠢᠩ ᠯᠦᠩ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠳᠤ | ᠭᠠᠯ ᠤᠨᠲᠠᠷᠠᠭᠠᠵᠤ ᠠᠪᠤᠷᠠᠨ ᠲᠤᠰᠠᠯᠠᠬᠤ ᠪᠣᠳᠠᠲᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | ᠰᠣᠷᠢᠯᠲᠠ ᠶᠢᠨ ᠲᠠᠯᠠᠪᠤᠷ ᠨᠢ ᠵᠢᠩ ᠯᠦᠩ ᠴᠠᠬᠢᠯᠭᠠᠨ ᠭᠠᠷᠭᠠᠬᠤ ᠦᠢᠯᠡᠳᠪᠦᠷᠢ ᠶᠢᠨ 1 ᠳ᠋ᠦᠭᠡᠷ ᠨᠣᠮᠧᠷᠲᠤ ᠴᠠᠶᠢᠶ᠋ᠢᠦ | ᠲᠣᠰᠣ ᠬᠠᠳᠠᠭᠠᠯᠠᠬᠤ ᠰᠠᠪᠠ ᠶᠢᠨ ᠲᠣᠭᠤᠷᠢᠭ ᠢ ᠪᠠᠶᠢᠴᠠᠭᠠᠨ ᠵᠠᠰᠠᠬᠤ ᠦᠶ᠎ᠡ ᠳᠤ ᠵᠣᠬᠢᠰ ᠦᠭᠡᠢ ᠠᠵᠢᠯᠯᠠᠭᠰᠠᠨ ᠠᠴᠠ ᠪᠣᠯᠵᠤ | ᠭᠠᠯ ᠤᠨ ᠠᠶᠤᠯ ᠡᠭᠦᠰᠦᠭᠰᠡᠨ ᠢ ᠲᠠᠭᠤᠷᠢᠶᠠᠨ ᠶᠠᠪᠤᠬᠳᠠᠭᠤᠯᠵᠤ᠂ ᠠᠵᠢᠯᠲᠠᠳ ᠭᠠᠮᠰᠢᠭ ᠤᠨ ᠪᠠᠶᠢᠳᠠᠯ ᠢ ᠣᠯᠵᠤ ᠮᠡᠳᠡᠮᠡᠭᠴᠡ | ᠲᠡᠷᠡ ᠳᠠᠷᠤᠢ ᠳᠤᠨᠢ ᠦᠢᠯᠡᠳᠪᠦᠷᠢ ᠶᠢᠨ ᠲᠣᠭᠤᠷᠢᠭ ᠤᠨ ᠤᠳᠤᠷᠢᠳᠤᠯᠭ᠎ᠠ ᠳᠤ ᠬᠠᠷᠢᠭᠤ ᠮᠡᠳᠡᠭᠦᠯᠵᠦ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠪᠡᠯᠡᠳᠬᠡᠯ ᠲᠥᠰᠥᠯ ᠢ ᠡᠬᠢᠯᠡᠭᠦᠯᠬᠦ ᠶᠢᠨ ᠬᠠᠮᠲᠤ 119 ᠴᠠᠭᠳᠠᠭ᠎ᠠ ᠳᠤ ᠮᠡᠳᠡᠭᠦᠯᠬᠦ ᠤᠲᠠᠰᠤ ᠪᠠᠷ | ᠤᠲᠠᠰᠤᠳᠠᠪᠠ᠃ | | ᠵᠢᠩ ᠯᠦᠩ ᠴᠠᠬᠢᠯᠭᠠᠨ ᠭᠠᠷᠭᠠᠬᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠯ ᠤᠨᠲᠠᠷᠠᠭᠠᠬᠤ ᠠᠩᠭᠢ ᠶᠢᠨ ᠬᠢᠨ | ᠪᠡᠯᠡᠳᠬᠡᠯ ᠲᠥᠰᠥᠯ ᠶᠣᠰᠣᠭᠠᠷ ᠠᠪᠤᠷᠠᠨ ᠲᠤᠰᠠᠯᠠᠵᠤ᠂ ᠠᠵᠢᠯᠲᠠᠳ ᠢ ᠵᠣᠬᠢᠶᠠᠨ ᠪᠠᠶᠢᠭᠤᠯᠤᠨ ᠬᠠᠮᠢᠶ᠎ᠠ ᠪᠦᠬᠦᠢ ᠣᠷᠣᠨ | ᠪᠦᠰᠡ ᠶᠢᠨ ᠴᠠᠬᠢᠯᠭᠠᠨ ᠬᠡᠯᠬᠢᠶ᠎ᠡ᠂ ᠨᠡᠭᠡᠯᠡᠭᠡᠢ᠂ ᠦᠢᠯᠡᠳᠪᠦᠷᠢᠯᠡᠯ ᠤᠨ ᠬᠤᠭᠤᠯᠠᠢ ᠶᠢᠨ ᠱᠤᠭᠤᠮ ᠢ ᠲᠠᠰᠤᠯᠵᠤ᠂ ᠯᠠᠰᠠᠳᠤ | ᠰᠦᠷᠴᠢᠭᠦᠷ ᠤᠨ ᠰᠢᠰᠲ᠋ᠧᠮ ᠢ ᠨᠡᠭᠡᠭᠡᠵᠦ᠂ ᠯᠠᠰᠠᠳᠤ ᠣᠷᠣᠨ ᠤ ᠳᠣᠲᠣᠭᠠᠳᠤ ᠶᠢᠨ ᠬᠥᠮᠥᠰ ᠢ ᠲᠠᠷᠬᠠᠭᠠᠵᠤ᠂ ᠵᠢᠩ ᠯᠦᠩ | ᠴᠠᠬᠢᠯᠭᠠᠨ ᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠯ ᠤᠨᠲᠠᠷᠠᠭᠠᠬᠤ ᠠᠩᠭᠢ ᠶᠢᠨ ᠬᠢᠨ ᠭᠠᠵᠠᠷ ᠳᠣᠣᠷᠠᠬᠢ ᠭᠠᠯ | ᠤᠨᠲᠠᠷᠠᠭᠠᠭᠤᠷ ᠢ ᠠᠰᠢᠭᠯᠠᠨ ᠠᠩᠬᠠᠨ ᠤ ᠬᠤᠭᠤᠴᠠᠭᠠᠨ ᠤ ᠡᠵᠡᠮᠳᠡᠯ ᠬᠢᠪᠡ᠃ | ᠹᠧᠩᠵᠧᠨ ᠬᠤᠲᠠ ᠶᠢᠨ ᠭᠠᠯ ᠤᠨᠲᠠᠷᠭᠠᠵᠤ ᠠᠪᠤᠷᠠᠨ ᠲᠤᠰᠠᠯᠠᠬᠤ ᠶᠡᠭᠡ ᠠᠩᠭᠢ ᠴᠠᠭᠳᠠᠭ᠎ᠠ ᠶᠢᠨ ᠮᠡᠳᠡᠭᠡ ᠶᠢ | ᠣᠯᠣᠭᠰᠠᠨ ᠤ ᠳᠠᠷᠠᠭ᠎ᠠ ᠲᠡᠷᠡ ᠳᠠᠷᠤᠢ ᠳᠤᠨᠢ ᠪᠠᠢ ᠪᠦᠦ ᠵᠤᠸᠠᠩ ᠵᠠᠮ ᠤᠨ ᠭᠠᠯ ᠤᠨᠲᠠᠷᠭᠠᠵᠤ ᠠᠪᠤᠷᠠᠨ ᠲᠤᠰᠠᠯᠠᠬᠤ ᠥᠷᠲᠡᠭᠡ᠂ | ᠹᠧᠩᠵᠧᠨ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠠᠩᠭᠢ᠂ ᠹᠧᠩᠵᠧᠨ ᠡᠨᠧᠷᠭᠢ ᠶᠢᠨ | ᠰᠤᠷᠪᠤᠯᠵᠢ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ᠂ ᠨᠣᠷᠲᠠᠶ | ᠡᠮᠨᠡᠯᠭᠡ ᠶᠢᠨ ᠬᠤᠷᠢᠶ᠎ᠠ ᠨᠡᠶᠢᠲᠡ 9 ᠲᠡᠷᠭᠡ 55 ᠬᠥᠮᠥᠨ ᠢ ᠲᠣᠮᠢᠯᠠᠨ ᠲᠤᠬᠠᠢ ᠶᠢᠨ ᠲᠠᠯᠠᠪᠠᠶ ᠳᠤ ᠣᠴᠢᠭᠤᠯᠵᠠᠢ᠃ | | ᠹᠧᠩ ᠳ᠋ᠢᠶᠠᠨ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠭᠠᠯ ᠤᠨᠲᠠᠷᠠᠭᠠᠬᠤ ᠲᠤᠰᠬᠠᠢ | ᠠᠩᠭᠢ ᠲᠤᠬᠠᠢ ᠶᠢᠨ ᠲᠠᠯᠠᠪᠤᠷ ᠲᠤ ᠬᠦᠷᠦᠭᠰᠡᠨ ᠤ ᠲᠠᠷᠠᠭ᠎ᠠ᠂ ᠲᠡᠷᠡ ᠳᠠᠷᠤᠢ ᠳᠤᠨᠢ 1 ᠳ᠋ᠦᠭᠡᠷ ᠨᠣᠮᠧᠷᠲᠤ ᠲᠤᠰᠤᠨ | ᠰᠠᠪᠠ ᠶᠢᠨ ᠬᠤᠶᠢᠲᠤ ᠲᠠᠯ᠎ᠠ ᠶᠢᠨ ᠯᠣᠩᠬᠤ ᠶᠢ ᠬᠦᠷᠦᠬᠡᠨᠡ᠃ ᠹᠧᠩᠵᠧᠨ ᠬᠤᠲᠠ ᠶᠢᠨ ᠵᠠᠰᠠᠭ ᠤᠨ ᠣᠷᠳᠣᠨ ᠤ ᠲᠤᠰᠬᠠᠢ | ᠲᠤᠰᠢᠶᠠᠯᠲᠤ ᠠᠩᠭᠢ ᠲᠤᠬᠠᠢ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ 1 ᠳ᠋ᠦᠭᠡᠷ ᠨᠣᠮᠧᠷᠲᠤ ᠲᠣᠰᠣᠨ ᠰᠠᠪᠠ ᠶᠢᠨ | ᠨᠡᠭᠡᠯᠡᠭᠡᠢ ᠶᠢ ᠬᠠᠭᠠᠵᠤ᠂ ᠬᠥᠷᠥᠭᠡᠵᠦ ᠰᠢᠢᠳᠪᠦᠷᠢᠯᠡᠭᠰᠡᠨ ᠪᠥᠭᠡᠳ 32 ᠮᠧᠲᠷ ᠤᠨ ᠥᠨᠳᠥᠷ ᠡᠷᠭᠦᠯᠲᠡ ᠶᠢᠨ ᠰᠦᠷᠴᠢᠬᠦ | ᠲᠡᠷᠭᠡ ᠶᠢ ᠠᠰᠢᠭᠯᠠᠨ ᠯᠠᠰᠠ ᠶᠢᠨ ᠢᠯᠡ ᠭᠠᠯ ᠢ ᠤᠨᠲᠠᠷᠠᠭᠠᠪᠠ᠃ | | ᠪᠠᠢ ᠪᠦᠦ ᠵᠤᠸᠠᠩ ᠵᠠᠮ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ ᠲᠠᠯᠠᠪᠠᠢ ᠳᠤ ᠬᠦᠷᠦᠭᠰᠡᠨ ᠤ ᠳᠠᠷᠠᠭ᠎ᠠ | ᠵᠢᠯᠣᠭᠤᠳᠤᠭᠴᠢ ᠶᠢᠨ ᠪᠠᠶᠢᠯᠳᠤᠭᠠᠨ ᠤ ᠵᠠᠷᠯᠢᠭ ᠢ ᠦᠨᠳᠦᠰᠦᠯᠡᠨ᠂ ᠤᠯᠠᠨ ᠪᠣᠭᠤᠮᠲᠠ ᠰᠢᠪᠲᠤᠯᠬᠤ ᠳᠤᠭᠤᠶᠢᠯᠠᠩ ᠪᠠᠶᠢᠭᠤᠯᠵᠤ | ᠬᠤᠷᠮᠠᠨ᠂ 12 ᠲᠣᠨ ᠤᠰᠤᠨ ᠰᠠᠪᠠ ᠲᠠᠢ ᠭᠠᠯ ᠤᠨᠲᠠᠷᠠᠭᠠᠬᠤ ᠲᠡᠷᠭᠡ᠂ 25 ᠲᠣᠨ ᠤᠰᠤᠨ ᠰᠠᠪᠠ ᠲᠠᠢ ᠭᠠᠯ | ᠤᠨᠲᠠᠷᠠᠭᠠᠬᠤ ᠲᠡᠷᠭᠡ᠂ 24 ᠮᠧᠲᠷ ᠤᠨ ᠥᠨᠳᠥᠷ ᠲᠤ ᠭᠠᠷᠬᠤ ᠲᠠᠪᠴᠠᠩᠳᠤ ᠲᠡᠷᠭᠡ ᠶᠢ ᠠᠰᠢᠭᠯᠠᠨ ᠭᠠᠯ ᠤᠨᠲᠠᠷᠠᠭᠠᠵᠤ | ᠠᠪᠤᠷᠠᠨ ᠲᠤᠰᠠᠯᠠᠬᠤ ᠡᠭᠦᠷᠭᠡ ᠶᠢ ᠵᠡᠷᠭᠡᠪᠡᠷ ᠭᠦᠢᠴᠡᠳᠬᠡᠪᠡ︔ ᠡᠨᠡ ᠬᠤᠭᠤᠴᠠᠭᠠᠨ ᠳᠤ ᠨᠣᠷᠲᠠᠶ ᠶᠢᠨ ᠡᠮᠴᠢ ᠰᠤᠪᠢᠯᠠᠭᠴᠢᠳ | ᠲᠤᠬᠠᠢ ᠶᠢᠨ ᠲᠠᠯᠠᠪᠠᠶ ᠳᠤ ᠬᠦᠷᠴᠦ᠂ ᠯᠠᠰᠠ ᠠᠴᠠ ᠤᠬᠤᠷᠢᠨ ᠭᠠᠷᠴᠤ ᠢᠷᠡᠭᠰᠡᠨ ᠬᠥᠮᠥᠰ ᠢ ᠪᠠᠶᠢᠴᠠᠭᠠᠵᠠᠢ᠃ | ᠯᠠᠰᠠᠯᠠᠭᠰᠠᠨ ᠣᠷᠣᠨ ᠤ ᠭᠤᠭᠤᠵᠢᠭᠰᠠᠨ ᠴᠠᠶᠢᠶ᠋ᠢᠦ ᠲᠣᠰᠣ ᠶᠢ ᠭᠦᠢᠴᠡᠳ ᠰᠢᠩᠭᠡᠷᠡᠭᠦᠯᠦᠭᠰᠡᠨ ᠤ ᠳᠠᠷᠠᠭ᠎ᠠ᠂ | ᠵᠢᠯᠣᠭᠤᠳᠤᠭᠴᠢ ᠭᠠᠯ ᠤᠨᠲᠠᠷᠠᠭᠠᠬᠤ ᠬᠦᠴᠦᠨ ᠪᠦᠬᠦᠨ ᠢ ᠴᠤᠭᠯᠠᠭᠤᠯᠵᠤ ᠶᠡᠷᠦᠩᠬᠡᠢ ᠳᠠᠭᠠᠷᠢᠯᠲᠠ ᠳᠤ ᠣᠷᠣᠯᠴᠠᠭᠤᠯᠵᠠᠢ᠃ | ᠤᠯᠠᠨ ᠲᠠᠯ᠎ᠠ ᠶᠢᠨ ᠬᠦᠴᠦᠨ ᠤ ᠬᠠᠮᠵᠢᠯᠴᠠᠭ᠎ᠠ ᠳᠣᠣᠷ᠎ᠠ᠂ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠪᠦᠲᠦᠮᠵᠢᠲᠡᠢ | ᠰᠢᠢᠳᠪᠦᠷᠢᠯᠡᠪᠡ᠃ | ᠰᠣᠷᠢᠯᠲᠠ ᠳᠠᠭᠤᠰᠤᠭᠰᠠᠨ ᠤ ᠳᠠᠷᠠᠭ᠎ᠠ᠂ ᠵᠢᠯᠣᠭᠤᠳᠤᠭᠴᠢ ᠲᠣᠰ ᠤᠳᠠᠭᠠᠨ ᠤ ᠰᠣᠷᠢᠯᠲᠠ ᠳᠤ ᠦᠨᠡᠯᠡᠯᠲᠡ ᠬᠢᠵᠦ᠂ | ᠲᠣᠰ ᠤᠳᠠᠭᠠᠨ ᠤ ᠪᠣᠳᠠᠲᠤ ᠪᠠᠶᠢᠯᠳᠤᠭᠠᠨ ᠤ ᠰᠣᠷᠢᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ | ᠬᠦᠷᠦᠯᠴᠡᠬᠦ ᠦᠭᠡᠢ ᠲᠠᠯ᠎ᠠ ᠶᠢ ᠪᠣᠳᠠᠲᠠᠢ ᠪᠠᠷ ᠵᠠᠳᠠᠯᠤᠬᠤ ᠶᠢᠨ ᠬᠠᠮᠲᠤ᠂ ᠠᠵᠤ ᠠᠬᠤᠶᠢᠯᠠᠯ ᠤᠨ ᠠᠮᠤᠷ ᠲᠦᠪᠰᠢᠨ ᠤ | ᠬᠠᠷᠢᠭᠤᠴᠠᠯᠭᠠᠲᠠᠨ ᠨᠠᠷ ᠢ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ | ᠲᠤᠲᠤᠮ ᠤᠨ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠳᠠᠶᠢᠴᠢᠯᠠᠬᠤ ᠰᠣᠷᠢᠯᠲᠠ ᠪᠤᠯᠪᠠᠰᠤᠷᠠᠭᠤᠯᠤᠯ ᠢ | ᠴᠢᠩᠭᠠᠳᠬᠠᠵᠤ᠂ ᠠᠵᠢᠯᠲᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠣᠨ ᠭᠡᠨᠡᠳᠲᠡ ᠶᠢᠨ ᠠᠳᠡᠯ ᠤᠨ | ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠴᠢᠬᠤᠯᠠᠳᠠᠢ ᠭᠡᠵᠦ ᠱᠠᠭᠠᠷᠳᠠᠪᠠ᠃ | | | | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |