ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠵᠢᠴᠢ ᠵᠢᠵᠢᠭ ᠬᠡᠲᠦ ᠳᠡᠯᠭᠡᠭᠦᠷ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/3/6
   ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠳᠡᠨ ᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠦᠨ᠂ ᠡᠷᠬᠢᠨ ᠲᠣᠭᠤᠷᠢᠨ ᠤ ᠬᠡᠲᠦ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 4 ᠤ ᠡᠳᠦᠷ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠤᠷᠭᠠᠭᠤᠯᠢ ᠶᠢᠨ ᠳᠠᠭᠠᠳᠬᠠᠯ ᠤᠨ ᠳᠤᠮᠳᠠ ᠠᠩᠭᠢ᠂ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ ᠵᠡᠷᠭᠡ ᠨᠢᠭᠡᠴᠡ ᠶᠢᠨ  ᠬᠢᠨ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠠᠶᠢᠳᠠᠨ ᠬᠠᠮᠢᠶᠠᠷᠬᠤ ᠪᠠᠶᠢᠭᠤᠯᠤᠮᠵᠢ ᠵᠢᠴᠢ ᠵᠢᠵᠢᠭ ᠬᠡᠲᠦ ᠳᠡᠯᠭᠡᠭᠦᠷ ᠲᠤ ᠨᠢᠭᠡ ᠤᠳᠠᠭᠠᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
   ᠲᠣᠰ ᠤᠳᠠᠭᠠᠨ ᠤ ᠪᠠᠶᠢᠴᠠᠭᠠᠯᠲᠠ ᠳᠤ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ᠂ ᠵᠢᠩ ᠮᠧᠩ ᠪᠠᠭ᠎ᠠ ᠰᠤᠷᠭᠠᠭᠤᠯᠢ ᠵᠢᠴᠢ ᠮᠠ ᠴᠢᠶᠣᠤ ᠵᠡᠭᠡᠯᠢ ᠶᠢᠨ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠵᠢᠴᠢ ᠵᠢᠵᠢᠭ ᠬᠡᠲᠦ ᠳᠡᠯᠭᠡᠭᠦᠷ ᠢ ᠬᠠᠮᠦᠷᠪᠠ᠃ ᠪᠠᠶᠢᠴᠠᠭᠠᠬᠤ ᠳᠤᠭᠤᠶᠢᠯᠠᠩ ᠤᠨ ᠬᠢᠨ ︽ᠲᠤᠬᠠᠢ ᠶᠢᠨ ᠲᠠᠯᠠᠪᠠᠶ ᠶᠢ ᠪᠠᠶᠢᠴᠠᠭᠠᠨ ᠦᠵᠡᠬᠦ + ᠤᠬᠠᠭᠤᠯᠭ᠎ᠠ ᠬᠥᠮᠦᠵᠢᠯ + ᠵᠢᠭᠠᠨ ᠵᠢᠯᠤᠭᠤᠳᠴᠤ ᠴᠡᠭᠴᠡᠯᠡᠨ ᠰᠠᠶᠢᠵᠢᠷᠠᠭᠤᠯᠬᠤ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠡᠰᠡᠬᠦ᠂ ᠬᠤᠭᠤᠯᠠᠨ ᠭᠡᠷ ᠤᠨ ᠠᠷᠤ ᠲᠠᠯ᠎ᠠ ᠶᠢᠨ ᠲᠣᠭᠤᠭᠠᠨ ᠭᠡᠷ ᠤᠨ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠬᠦᠷᠦᠭᠰᠡᠨ ᠡᠰᠡᠬᠦ ᠵᠡᠷᠭᠡ ᠲᠠᠯ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠤᠭᠰᠠᠨ ᠪᠠᠶᠢᠨ᠎ᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠬᠡᠰᠡᠭ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠵᠠᠮ ᠰᠠᠭᠠᠳ ᠦᠭᠡᠢ᠂ ᠵᠢᠵᠢᠭ ᠬᠡᠲᠦ ᠳᠡᠯᠭᠡᠭᠦᠷ ᠲᠤ ᠬᠤᠭᠤᠴᠠᠭ᠎ᠠ ᠨᠢ ᠥᠩᠭᠡᠷᠡᠭᠰᠡᠨ ᠢᠳᠡᠭᠡᠨ ᠵᠡᠷᠭᠡ ᠠᠮᠤᠷ ᠲᠦᠪᠰᠢᠨ ᠤ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃
   ᠬᠠᠮᠲᠤᠷᠠᠭᠰᠠᠨ ᠪᠠᠶᠢᠴᠠᠭᠠᠯᠲᠠ ᠪᠠᠷ ᠳᠠᠮᠵᠢᠭᠤᠯᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠵᠢᠴᠢ ᠵᠢᠵᠢᠭ ᠬᠡᠲᠦ ᠳᠡᠯᠭᠡᠭᠦᠷ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠤᠷ ᠲᠦᠪᠰᠢᠨ᠂ ᠡᠷᠡᠭᠦᠯ ᠰᠠᠷᠠᠭᠤᠯ ᠰᠤᠷᠤᠯᠴᠠᠯᠭ᠎ᠠ ᠪᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠦᠭᠪᠡ᠃ ᠲᠠᠷᠠᠭᠠᠴᠢ ᠶᠢᠨ ᠠᠯᠬᠤᠮ ᠳᠤ᠂ ᠡᠯ᠎ᠡ ᠰᠠᠯᠠᠭ᠎ᠠ ᠮᠥᠴᠢᠷ ᠤᠨ ᠬᠢᠨ ᠨᠡᠶᠢᠯᠡᠯ ᠬᠦᠴᠦᠨ ᠢ ᠪᠦᠷᠢᠯᠳᠦᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠮᠥᠷᠳᠡᠵᠦ᠂ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠢ ᠬᠠᠮᠳᠤᠪᠠᠷ ᠬᠠᠮᠠᠭᠠᠯᠠᠨ᠎ᠠ᠃       ᠵᠣᠬᠢᠶᠠᠭᠴᠢ᠄ ᠵᠢᠶᠠ ᠯᠢ  ᠷᠧᠨ ᠬᠠᠢ ᠶᠠᠨ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3