| —— ᠨᠠᠰᠤᠲᠠᠶᠢᠴᠤᠳ ᠤᠨ ᠶᠡᠭᠡ ᠰᠤᠷᠭᠠᠭᠤᠯᠢ ᠨᠢ ︽ᠵᠢᠷᠭᠠᠬᠤ ᠨᠡᠷᠡᠨ︾ ᠤ ᠠᠮᠢᠳᠤᠷᠠᠯ ᠢ ᠨᠠᠩ | ᠭᠤᠶᠢᠳᠠ ᠰᠠᠶᠢᠬᠠᠨ ᠪᠣᠯᠭᠠᠪᠠ | | 3 ᠰᠠᠷ᠎ᠠ ᠶᠢᠨ 3 ᠤ ᠡᠳᠦᠷ᠂ ᠹᠧᠩᠵᠧᠨ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠢᠨ | ᠬᠠᠪᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠠᠨ ᠤ ᠡᠳᠦᠷ ᠢᠶᠠᠨ ᠤᠭᠳᠤᠪᠠ᠃ ᠡᠨᠡᠬᠦ ᠬᠦᠰᠡᠯ | ᠡᠷᠡᠮᠡᠯᠵᠡᠯ ᠢᠶᠠᠷ ᠪᠢᠯᠬᠠᠮ᠎ᠠ ᠪᠥᠭᠡᠳ ᠡᠯᠪᠡᠭ ᠬᠤᠷᠢᠶᠠᠯᠲᠠ ᠲᠠᠢ ᠡᠳᠦᠷ ᠤᠳ ᠲᠤ᠂ ᠠᠬᠠᠮᠠᠳ ᠰᠤᠷᠤᠭᠴᠢᠳ ᠤᠳᠠᠯ ᠦᠭᠡᠢ | ᠡᠯᠪᠡᠭ ᠪᠠᠶᠠᠯᠢᠭ᠂ ᠪᠠᠶᠠᠷ ᠪᠠᠭ᠋ᠠᠳᠤᠯ ᠲᠠᠢ ᠰᠤᠷᠤᠯᠴᠠᠬᠤ ᠠᠶᠠᠨ ᠵᠠᠮ ᠢᠶᠠᠨ ᠡᠬᠢᠯᠡᠭᠦᠯᠵᠦ᠂ ᠠᠮᠢᠳᠤᠷᠠᠯ ᠨᠢ ᠨᠠᠩ ᠭᠤᠶᠢᠳᠠ | ᠰᠠᠶᠢᠬᠠᠨ ᠪᠣᠯᠤᠭᠰᠠᠨ ᠪᠠᠶᠢᠨ᠎ᠠ᠃ | | | | | | ᠹᠧᠩᠵᠧᠨ ᠬᠤᠳᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠳᠠᠭᠤᠯᠠᠬᠤᠢ ᠶᠢᠨ ᠠᠩᠭᠢ ᠶᠢᠨ ᠬᠢᠴᠢᠶᠡᠯ ᠤᠨ | ᠭᠡᠷ ᠲᠤ ᠣᠷᠣᠬᠤ ᠳᠤ᠂ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠶᠠᠭ ᠰᠠᠶᠢᠬᠠᠨ ᠪᠣᠯᠪᠠᠰᠤᠷᠠᠵᠤ | ᠪᠠᠶᠢᠨ᠎ᠠ᠃ ᠢᠷᠠᠭᠤ ᠴᠡᠭᠡᠯᠬᠡᠨ ᠶᠠᠲᠤᠭ᠎ᠠ ᠶᠢᠨ ᠲᠠᠭᠤᠨ ᠪᠤᠯᠤᠨ ᠬᠦᠩᠭᠢᠨᠡᠮ᠎ᠡ ᠳᠠᠭᠤᠤ ᠨᠢ ᠬᠥᠮᠥᠰ ᠤᠨ ᠬᠦᠨᠳᠦᠳᠬᠡᠯ ᠤᠨ | ᠰᠡᠳᠭᠢᠯᠭᠡ ᠶᠢ ᠬᠦᠳᠡᠯᠭᠡᠨ᠎ᠡ᠃ ᠰᠤᠷᠤᠭᠴᠢᠳ ᠪᠠᠭᠰᠢ ᠶᠢᠨ ᠢᠶᠠᠨ ᠠᠶᠢᠵᠠᠮ ᠢ ᠰᠠᠯᠤᠯ ᠦᠭᠡᠢ ᠳᠠᠭᠠᠵᠤ᠂ ᠨᠣᠲ ᠪᠦᠷᠢ ᠶᠢ | ᠨᠠᠷᠢᠨ ᠬᠢᠨᠠᠮᠠᠭᠠᠢ ᠪᠣᠯᠪᠠᠰᠤᠷᠠᠵᠤ᠂ ᠵᠠᠷᠢᠮ ᠳᠠᠭᠠᠨ ᠳᠠᠭᠤᠤ ᠶᠢᠨ ᠦᠭᠡ ᠳᠤ ᠠᠩᠬᠠᠷᠤᠯ ᠢᠶᠠᠨ ᠲᠥᠪᠯᠡᠷᠡᠭᠦᠯᠦᠨ᠂ | ᠵᠠᠷᠢᠮ ᠳᠠᠭᠠᠨ ᠭᠦᠨ ᠰᠡᠳᠬᠢᠯᠭᠡ ᠲᠠᠢ ᠪᠠᠷ ᠳᠠᠭᠤᠯᠠᠵᠤ᠂ ᠲᠡᠳᠡᠨ ᠤ ᠴᠢᠷᠠᠢ ᠳᠤ ᠵᠣᠯ ᠵᠢᠷᠭᠠᠯᠲᠤ ᠢᠨᠢᠶᠡᠮᠰᠦᠭᠯᠡᠯ ᠪᠢᠯᠬᠠᠵᠤ᠂ | ᠲᠡᠳᠡᠨ ᠤ ᠳᠠᠭᠤᠤ ᠬᠥᠭᠵᠢᠮ ᠳᠤ ᠬᠠᠶᠢᠷᠠᠲᠠᠢ ᠪᠠᠶᠢᠬᠤ ᠪᠠ ᠠᠮᠢᠳᠤᠷᠠᠯ ᠳᠤ ᠢᠳᠡᠪᠬᠢᠲᠡᠢ ᠬᠠᠨᠳᠤᠬᠤ ᠣᠪᠣᠷ ᠢᠶᠠᠨ ᠭᠦᠢᠴᠡᠳ | ᠢᠯᠡᠷᠡᠭᠦᠯᠪᠡ᠃ | | | | | | ᠡᠯ᠎ᠡ ᠲᠦᠷᠦᠯ ᠤᠨ ᠣᠨᠴᠠᠯᠢᠭᠲᠤ ᠬᠢᠴᠢᠶᠡᠯ ᠤᠨ ᠲᠠᠩᠬᠢᠮ ᠳᠤ᠂ ᠰᠤᠷᠤᠭᠴᠢᠳ ᠪᠦᠬᠦ ᠠᠩᠬᠠᠷᠤᠯ ᠢᠶᠠᠨ ᠲᠥᠪᠯᠡᠷᠡᠭᠦᠯᠵᠦ᠂ | ᠨᠠᠷᠢᠨ ᠬᠢᠨᠠᠮᠠᠭᠠᠢ ᠰᠤᠷᠤᠯᠴᠠᠨ᠎ᠠ᠃ ᠤᠷᠠᠨ ᠪᠢᠴᠢᠯᠭᠡ ᠶᠢᠨ ᠬᠢᠴᠢᠶᠡᠯ ᠤᠨ ᠲᠢᠩᠭᠢᠮ ᠳᠤ ᠪᠢᠷ ᠤᠨ ᠦᠵᠦᠭ ᠢᠶᠠᠷ | ᠬᠤᠷᠤᠶᠢᠯᠭᠠᠨ ᠪᠢᠴᠢᠵᠦ᠂ ᠳᠠᠭᠤᠯᠠᠬᠤᠢ ᠶᠢᠨ ᠬᠢᠴᠢᠶᠡᠯ ᠤᠨ ᠲᠢᠩᠭᠢᠮ ᠳᠤ ᠬᠠᠩᠭᠢᠨᠠᠲᠠᠯ᠎ᠠ ᠳᠠᠭᠤᠯᠠᠵᠤ᠂ ᠪᠥᠵᠢᠭ ᠤᠨ | ᠬᠢᠴᠢᠶᠡᠯ ᠤᠨ ᠲᠢᠩᠭᠢᠮ ᠳᠤ ᠳᠡᠪᠬᠡᠷᠦᠨ ᠪᠥᠵᠢᠭᠯᠡᠵᠦ᠂ ᠭᠤᠶᠣ ᠰᠠᠶᠢᠬᠠᠨ ᠪᠥᠵᠢᠭᠯᠡᠨ᠎ᠡ ᠁ ᠲᠡᠳᠡᠨ ᠤ ᠨᠠᠷᠢᠨ ᠬᠢᠨᠠᠮᠠᠭᠠᠢ | ᠰᠡᠳᠬᠢᠯ ᠲᠠᠯᠪᠢᠵᠤ ᠪᠠᠶᠢᠭ᠎ᠠ ᠪᠠᠶᠢᠳᠠᠯ ᠨᠢ ᠬᠥᠮᠥᠰ ᠢ ᠪᠢᠰᠢᠷᠡᠭᠦᠯᠵᠦ᠂ ᠡᠷᠳᠡᠮ ᠮᠡᠳᠡᠯᠭᠡ ᠰᠤᠷᠬᠤ ᠬᠦᠰᠡᠯ ᠢᠶᠠᠷ ᠪᠢᠯᠬᠠᠭᠰᠠᠨ | ᠵᠠᠯᠠᠭᠤ ᠨᠠᠰᠤᠨ ᠳᠠᠭᠠᠨ ᠳᠠᠬᠢᠨ ᠪᠤᠴᠠᠵᠤ ᠢᠷᠡᠭᠰᠡᠨ ᠮᠡᠲᠦ ᠰᠠᠨᠠᠭᠳᠠᠨ᠎ᠠ᠃ ᠵᠠᠷᠢᠮ ᠠᠬᠠᠮᠠᠳ ᠰᠤᠷᠤᠭᠴᠢᠳ ᠭᠠᠷᠠᠭ ᠤᠨ | ᠨᠢᠭᠡᠨ ᠠᠴᠠ ᠭᠠᠷᠠᠭ ᠤᠨ ᠲᠠᠪᠤᠨ ᠪᠣᠯᠲᠠᠯᠠᠬᠢ ᠬᠢᠴᠢᠶᠡᠯ ᠢ ᠡᠯᠪᠡᠭ ᠪᠠᠶᠠᠯᠢᠭ ᠰᠠᠶᠢᠬᠠᠨ ᠲᠣᠬᠢᠷᠠᠭᠤᠯᠵᠤ᠂ ᠳᠠᠭᠤᠯᠠᠬᠤᠢ᠂ | ᠪᠥᠵᠢᠭ᠂ ᠬᠤᠯᠤ ᠶᠢᠨ ᠰᠢᠷᠬᠡᠭ᠂ ᠪᠡᠭᠡᠵᠢᠩ ᠵᠦᠴᠦᠭᠡ ᠵᠡᠷᠭᠡ ᠬᠢᠴᠢᠶᠡᠯ ᠢ ᠴᠥᠮ ᠲᠣᠬᠢᠷᠠᠭᠤᠯᠤᠭᠰᠠᠨ ᠪᠠᠶᠢᠨ᠎ᠠ᠃ | ᠰᠤᠷᠤᠯᠴᠠᠯᠭ᠎ᠠ ᠨᠢ ᠲᠡᠳᠡᠨ ᠤ ᠠᠮᠢᠳᠤᠷᠠᠯ ᠤᠨ ᠳᠤᠲᠠᠭᠳᠠᠵᠤ ᠪᠣᠯᠣᠰᠢ ᠦᠭᠡᠢ ᠨᠢᠭᠡ ᠬᠡᠰᠡᠭ ᠪᠣᠯᠵᠤ᠂ ᠲᠡᠳᠡᠨ ᠤ ᠠᠵᠢᠯ | ᠠᠴᠠ ᠪᠠᠨ ᠠᠮᠠᠷᠠᠭᠰᠠᠨ ᠤ ᠳᠠᠷᠠᠭᠠᠬᠢ ᠠᠮᠢᠳᠤᠷᠠᠯ ᠢ ᠲᠡᠭᠦᠯᠳᠡᠷᠵᠢᠭᠦᠯᠦᠭᠰᠡᠨ ᠢᠶᠠᠷ ᠪᠠᠷᠠᠬᠤ ᠦᠭᠡᠢ᠂ ᠪᠠᠰᠠ ᠲᠡᠳᠡᠨ ᠤ ︽ | ᠵᠢᠷᠭᠠᠬᠤ ᠨᠡᠷᠡᠨ︾ ᠤ ᠴᠠᠭ ᠮᠥᠴᠡ ᠳᠤ ᠬᠢᠵᠠᠭᠠᠯᠠᠰᠢ ᠦᠭᠡᠢ ᠭᠤᠶᠢᠳᠠ ᠰᠠᠶᠢᠬᠠᠨ ᠢ ᠨᠡᠮᠡᠷᠢᠯᠡᠭᠰᠡᠨ ᠪᠠᠶᠢᠨ᠎ᠠ᠃ | | | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |