| —— ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨ ︽3 · 8︾ ᠤ ᠳᠡᠯᠡᠬᠡᠢ ᠶᠢᠨ | ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠰᠠᠭᠤᠳᠠᠯ ᠤᠨ ᠬᠤᠷᠠᠯ ᠬᠢᠪᠡ | | 3 ᠰᠠᠷ᠎ᠠ ᠶᠢᠨ 5 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨ ︽3 · 8︾ ᠤ | ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠲᠤᠸᠠᠨ ᠢ ᠵᠢᠴᠢ ᠡᠮᠡᠭᠲᠡᠢ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠤ ᠲᠥᠯᠥᠭᠡᠯᠡᠭᠴᠢ᠂ ᠡᠯ᠎ᠡ ᠡᠲᠡᠭᠡᠳ ᠤᠨ ᠰᠢᠯᠢᠳᠡᠭ ᠡᠮᠡᠭᠲᠡᠢ ᠲᠥᠯᠥᠭᠡᠯᠡᠭᠴᠢ ᠰᠠᠭᠤᠳᠠᠯ ᠤᠨ | ᠬᠤᠷᠠᠯ ᠳᠤ ᠣᠷᠣᠯᠴᠠᠪᠠ᠃ | | ᠰᠠᠭᠤᠳᠠᠯ ᠤᠨ ᠬᠤᠷᠠᠯ ᠳᠡᠭᠡᠷ᠎ᠡ᠂ ᠵᠤᠤ ᠲᠤᠸᠠᠨ ᠢ ᠥᠷᠭᠡᠨ ᠤᠯᠠᠨ ᠡᠮᠡᠭᠲᠡᠢ ᠨᠥᠬᠦᠳ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠲᠡᠳᠡᠨ ᠳᠤ ᠪᠠᠶᠠᠷ ᠤᠨ | ᠡᠳᠦᠷ ᠤᠨ ᠪᠠᠶᠠᠷ ᠬᠦᠷᠭᠡᠬᠦ ᠶᠢᠨ ᠬᠠᠮᠲᠤ ᠤᠯᠤᠰ ᠲᠦᠷᠦ ᠶᠢᠨ ᠵᠥᠪᠯᠡᠯᠭᠡᠨ ᠤ ᠲᠠᠪᠴᠠᠩ ᠤᠨ ᠦᠢᠯᠡᠳᠦᠯ ᠢ | ᠢᠳᠡᠪᠬᠢᠲᠡᠢ ᠪᠠᠳᠠᠷᠠᠭᠤᠯᠵᠤ᠂ ᠡᠮᠡᠭᠲᠡᠶᠢᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠡᠮᠡᠭᠲᠡᠶᠢᠴᠦᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ | ᠢᠳᠡᠪᠬᠢᠲᠡᠢ ᠡᠭᠦᠳᠴᠦ ᠥᠭᠬᠦ ᠶᠢ ᠬᠦᠰᠡᠪᠡ᠃ | ᠰᠠᠭᠤᠳᠠᠯ ᠤᠨ ᠬᠤᠷᠠᠯ ᠳᠡᠭᠡᠷ᠎ᠡ᠂ ᠡᠯ᠎ᠡ ᠡᠮᠡᠭᠲᠡᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠲᠥᠯᠥᠭᠡᠯᠡᠭᠴᠢᠳ ︽ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠵᠤ ᠬᠤᠣᠰ ᠠᠵᠢᠯ ᠤᠨ ᠪᠠᠶᠢᠷᠢ ᠳᠤ | ᠭᠠᠪᠢᠶ᠎ᠠ ᠪᠠᠶᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠥᠪᠡᠷ ᠤᠨ ᠠᠵᠢᠯ ᠤᠨ ᠥᠩᠭᠡᠷᠡᠯᠲᠡ ᠲᠠᠢ ᠪᠠᠨ | ᠤᠶᠠᠯᠳᠤᠭᠤᠯᠤᠨ᠂ ᠡᠮᠡᠭᠲᠡᠶᠢᠴᠦᠳ ᠤᠨ ᠨᠡᠶᠢᠭᠡᠮ ᠤᠨ ᠦᠢᠯᠡᠴᠢᠯᠡᠭᠡ᠂ ᠦᠨᠳᠦᠰᠦᠨ ᠱᠠᠲᠤᠨ ᠤ ᠵᠠᠰᠠᠯᠲᠠ ᠵᠡᠷᠭᠡ | ᠬᠦᠷᠢᠶᠡᠨ ᠳᠠᠬᠢ ᠲᠡᠮᠡᠴᠡᠯ ᠤᠨ ᠦᠯᠢᠭᠡᠷ ᠢ ᠬᠤᠪᠢᠶᠠᠯᠴᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠨ | ᠲᠥᠯᠥᠭᠡᠯᠡᠭᠴᠢᠳ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ | ᠰᠢᠨ᠎ᠡ ᠴᠠᠭ ᠦᠶ᠎ᠡ ᠳᠤ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠪᠠ ᠤᠶᠤᠨ ᠤᠬᠠᠭᠠᠨ ᠢᠶᠠᠨ ᠡᠷᠭᠦᠨ᠎ᠡ ᠭᠡᠵᠦ | ᠢᠯᠡᠳᠬᠡᠵᠡᠭᠡᠪᠡ᠃ | | | ᠵᠣᠬᠢᠶᠠᠭᠴᠢ᠄ ᠸᠠᠩ ᠨᠢᠩ ᠪᠦᠸᠧ ᠷᠧᠨ ᠬᠠᠢ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |