| 3 ᠰᠠᠷ᠎ᠠ ᠶᠢᠨ 5 ᠤ ᠡᠳᠦᠷ᠂ ᠵᠢᠷᠭᠤᠳᠤᠭᠠᠷ ᠬᠤᠭᠤᠴᠠᠭᠠᠨ ᠤ ᠹᠧᠩᠵᠧᠨ ᠬᠤᠳᠠ ᠶᠢᠨ ᠨᠠᠮ ᠤᠨ ᠬᠤᠷᠢᠶᠠᠨ ᠤ | ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠫᠠᠩ ᠴᠤᠤ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ | ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠩ | ᠯᠠᠢ ᠴᠢᠤᠸᠠᠨ ᠬᠤᠷᠠᠯ ᠳᠤ ᠣᠷᠣᠯᠴᠠᠭᠰᠠᠨ ᠪᠥᠭᠡᠳ ᠲᠤᠰ ᠡᠭᠡᠯᠵᠢ ᠶᠢᠨ ᠡᠯ᠎ᠡ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠪᠠ ᠡᠭᠦᠷᠭᠡ ᠶᠢᠨ | ᠬᠤᠪᠢᠶᠠᠷᠢᠯᠠᠯ ᠤᠨ ᠲᠤᠬᠠᠢ ᠲᠣᠭᠲᠠᠭᠠᠯ ᠢ ᠨᠡᠶᠢᠳᠡᠯᠡᠪᠡ᠃ | | ᠬᠤᠷᠠᠯ ᠠᠴᠠ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠳᠤ 3 ᠴᠠᠭᠳᠠᠨ ᠪᠠᠶᠢᠴᠠᠭᠠᠬᠤ | ᠳᠤᠭᠤᠶᠢᠯᠠᠩ ᠲᠣᠮᠢᠯᠠᠵᠤ᠂ ︽ᠨᠢᠭᠡ ᠪᠠᠷ ᠬᠤᠶᠠᠷ ᠢ ᠨᠠᠶᠢᠳᠠᠬᠤ︾ ᠶᠢᠨ ᠠᠷᠭ᠎ᠠ ᠶᠢ ᠠᠪᠴᠤ᠂ 40 ᠡᠳᠦᠷ ᠤᠨ | ᠴᠠᠭ ᠢ ᠬᠡᠷᠡᠭᠯᠡᠵᠦ ᠪᠠᠶᠢᠭᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠨᠢᠭᠤᠴᠠ ᠶᠢ ᠬᠠᠮᠠᠭᠠᠯᠠᠬᠤ | ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ᠂ ᠬᠤᠩᠱᠠᠨ ᠤᠢ ᠰᠢᠭᠤᠢ ᠶᠢᠨ ᠦᠢᠯᠡᠰ ᠤᠨ ᠬᠠᠮᠢᠶᠠᠷᠴᠤ | ᠬᠠᠮᠠᠭᠠᠯᠠᠬᠤ ᠲᠥᠪ ᠵᠡᠷᠭᠡ 6 ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠴᠠᠭᠳᠠᠨ | ᠪᠠᠶᠢᠴᠠᠭᠠᠯᠲᠠ ᠦᠷᠨᠢᠬᠦᠯᠦᠨ᠂ ︽ᠬᠤᠶᠠᠷ ᠢ ᠬᠠᠮᠠᠭᠠᠯᠠᠬᠤ︾ ᠦᠨᠳᠦᠰᠦᠨ ᠡᠭᠦᠷᠭᠡ ᠲᠠᠢ ᠨᠢᠭᠲᠠ ᠤᠶᠠᠯᠳᠤᠭᠤᠯᠵᠤ᠂ | ︽ᠳᠥᠷᠪᠡ ᠳᠤ ᠠᠩᠬᠠᠷᠤᠯ ᠢᠶᠠᠨ ᠲᠥᠪᠯᠡᠷᠡᠭᠦᠯᠬᠦ︾ ᠬᠢᠨᠠᠯᠲᠠ ᠲᠠᠯᠪᠢᠬᠤ ᠠᠭᠤᠯᠭ᠎ᠠ ᠶᠢᠨ ᠲᠣᠭᠤᠷᠢᠨ ᠳᠤ᠂ ᠴᠠᠭᠳᠠᠨ | ᠪᠠᠶᠢᠴᠠᠭᠠᠵᠤ ᠬᠢᠨᠠᠯᠲᠠ ᠲᠠᠯᠪᠢᠬᠤ ᠡᠲᠡᠭᠡᠳ ᠤᠨ ᠣᠨᠴᠠᠯᠢᠭ ᠢ ᠡᠵᠡᠮᠳᠡᠵᠦ᠂ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ | ᠦᠨᠡᠨ ᠠᠴᠠ ᠵᠥᠪ ᠢ ᠡᠷᠢᠵᠦ᠂ ᠤᠨᠢᠨ ᠳᠡᠭᠡᠷ᠎ᠡ ᠨᠢ ᠭᠦᠨᠵᠡᠭᠡᠢ ᠤᠯᠤᠰ ᠲᠦᠷᠦ ᠶᠢᠨ ᠬᠢᠨᠠᠯᠲᠠ ᠲᠠᠯᠪᠢᠬᠤ ᠶᠢ | ᠦᠷᠨᠢᠬᠦᠯᠦᠨ᠎ᠡ ᠭᠡᠵᠦ ᠵᠢᠭᠠᠵᠤ ᠭᠠᠷᠭᠠᠪᠠ᠃ | | ᠬᠤᠷᠠᠯ ᠠᠴᠠ ᠴᠢᠬᠤᠯᠠᠴᠢᠯᠠᠭᠰᠠᠨ ᠨᠢ᠄ ᠴᠠᠭᠳᠠᠨ ᠪᠠᠶᠢᠴᠠᠭᠠᠬᠤ ᠠᠯᠪᠠᠨ ᠭᠡᠷ ᠤᠨ ᠬᠢᠨ ᠴᠠᠭᠳᠠᠨ ᠪᠠᠶᠢᠴᠠᠭᠠᠬᠤ | ᠠᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠱᠠᠯᠠᠪᠳᠠᠭᠤᠯᠤᠨ ᠵᠢᠯᠤᠭᠤᠳᠬᠤ ᠠᠵᠢᠯ ᠢᠶᠠᠨ ᠴᠢᠩᠭᠠᠳᠬᠠᠬᠤ ᠬᠡᠷᠡᠭᠲᠡᠢ︔ | ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ | ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠩᠨᠡᠭᠡᠨ ᠤ ᠬᠠᠮᠢᠶᠠᠷᠤᠯᠲᠠ ᠶᠢ ᠴᠢᠩᠳᠠᠯᠠᠵᠤ᠂ | ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠭᠤᠣᠯ | ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠨ ᠪᠠᠶᠢᠴᠠᠭᠠᠬᠤ ᠠᠷᠭ᠎ᠠ ᠬᠡᠯᠪᠡᠷᠢ ᠶᠢ | ᠠᠮᠢᠳᠤᠯᠢᠭ ᠢᠶᠠᠷ ᠬᠡᠷᠡᠭᠯᠡᠵᠦ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠥᠪᠡᠷᠮᠢᠴᠡ ᠴᠢᠨᠠᠷ ᠤᠨ | ᠠᠰᠠᠭᠤᠳᠠᠯ ᠢ ᠭᠤᠣᠯᠳᠠᠯᠭ᠎ᠠ ᠲᠠᠢ ᠢᠯᠡᠷᠡᠭᠦᠯᠵᠦ᠂ ᠢᠯᠡᠷᠡᠭᠦᠯᠦᠭᠰᠡᠨ ᠠᠰᠠᠭᠤᠳᠠᠯ ᠪᠠ ᠠᠰᠠᠭᠤᠳᠠᠯ ᠤᠨ | ᠰᠦᠪᠡᠭᠴᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠡᠯ᠎ᠡ ᠴᠠᠭᠳᠠᠨ ᠪᠠᠶᠢᠴᠠᠭᠠᠭᠳᠠᠵᠤ ᠪᠠᠶᠢᠭ᠎ᠠ | ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠪᠠᠷ ᠠᠰᠠᠭᠤᠳᠠᠯ ᠢ ᠡᠷᠢᠬᠦ᠂ ᠵᠥᠷᠢᠶ᠎ᠡ ᠳᠤ ᠵᠥᠪ ᠢᠶᠠᠷ | ᠬᠠᠨᠳᠤᠬᠤ᠂ ᠰᠤᠷᠲᠠᠯ ᠢᠶᠠᠨ ᠰᠠᠶᠢᠵᠢᠷᠠᠭᠤᠯᠬᠤ᠂ ᠠᠵᠢᠯ ᠢᠶᠠᠨ ᠠᠬᠢᠭᠤᠯᠬᠤ ᠴᠢᠬᠤᠯᠠ ᠠᠵᠠ ᠲᠣᠬᠢᠶᠠᠯ ᠪᠣᠯᠭᠠᠵᠤ᠂ | ᠬᠤᠳᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠳᠤ ᠢᠳᠡᠪᠬᠢᠲᠡᠢ ᠳᠡᠮᠵᠢᠯᠭᠡ ᠦᠵᠡᠭᠦᠯᠬᠦ | ᠬᠡᠷᠡᠭᠲᠡᠢ︔ ᠡᠯ᠎ᠡ ᠬᠠᠮᠵᠢᠯᠴᠠᠬᠤ ᠲᠣᠭᠲᠠᠴᠠ ᠶᠢᠨ ᠪᠦᠷᠢᠯᠳᠦᠭᠦᠨ ᠨᠢᠭᠡᠴᠡ ᠨᠦᠭᠦᠳ ᠬᠠᠮᠵᠢᠯᠴᠠᠨ ᠴᠢᠩᠭᠠᠳᠬᠠᠵᠤ᠂ | ᠮᠡᠳᠡᠭᠡ ᠵᠠᠩᠭᠢ ᠶᠢᠨ ᠳᠡᠮᠵᠢᠯᠭᠡ ᠪᠠᠨ ᠴᠢᠩᠭᠠᠷᠠᠭᠤᠯᠤᠨ᠂ ᠴᠠᠭᠳᠠᠨ ᠪᠠᠶᠢᠴᠠᠭᠠᠬᠤ ᠠᠴᠠ ᠡᠮᠦᠨ᠎ᠡ ᠮᠡᠳᠡᠭᠡᠯᠡᠬᠦ ᠠᠵᠢᠯ ᠢ | ᠬᠠᠮᠵᠢᠯᠴᠠᠨ ᠰᠠᠶᠢᠲᠤᠷ ᠬᠢᠵᠦ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃ | ᠬᠤᠳᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠤᠰᠤᠳ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠴᠠᠭᠳᠠᠨ | ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ᠂ ᠬᠤᠳᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ | ᠠᠯᠪᠠᠨ ᠭᠡᠷ ᠤᠨ ᠪᠦᠬᠦ ᠺᠠᠳ᠋ᠷ᠂ ᠬᠤᠳᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ | ᠬᠠᠮᠵᠢᠯᠴᠠᠬᠤ ᠲᠣᠭᠲᠠᠴᠠ ᠶᠢᠨ ᠡᠯ᠎ᠡ ᠪᠦᠷᠢᠯᠳᠦᠭᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ | ᠴᠠᠭᠳᠠᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | ᠵᠣᠬᠢᠶᠠᠭᠴᠢ᠄ ᠵᠢᠶᠠ ᠯᠢ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |