ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ︽ᠡᠮᠡᠭᠲᠡᠶᠢᠴᠦᠳ ᠤᠨ ᠬᠤᠨᠳᠠᠭᠠᠲᠤ︾ ᠡᠮᠡᠭᠲᠡᠢ ᠶᠢᠨ ᠫᠢᠩᠫᠠᠩ ᠪᠥᠮᠪᠦᠭᠡ ᠶᠢᠨ ᠤᠷᠤᠯᠳᠤᠭᠠᠨ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2025/3/7
  3 ᠰᠠᠷ᠎ᠠ ᠶᠢᠨ 6 ᠤ ᠡᠳᠦᠷ᠂ ᠮᠠᠨ ᠤ ᠬᠤᠲᠠ ᠶᠢᠨ ᠬᠢᠨ ᠠᠩᠬᠠᠳᠤᠭᠠᠷ ᠬᠤᠭᠤᠴᠠᠭᠠᠨ ᠤ ︽ᠡᠮᠡᠭᠲᠡᠶᠢᠴᠦᠳ ᠤᠨ ᠬᠤᠨᠳᠠᠭᠠᠲᠤ︾ ᠡᠮᠡᠭᠲᠡᠢ ᠶᠢᠨ ᠫᠢᠩᠫᠠᠩ ᠪᠥᠮᠪᠦᠭᠡ ᠶᠢᠨ ᠤᠷᠤᠯᠳᠤᠭᠠᠨ ᠶᠠᠪᠤᠭᠳᠠᠭᠤᠯᠵᠤ᠂ ᠣᠨᠴᠠᠭᠠᠶ ᠬᠡᠯᠪᠡᠷᠢ ᠪᠠᠷ 115 ᠳ᠋ᠤᠭᠠᠷ ︽ᠭᠤᠷᠪᠠᠨ ᠰᠠᠷ᠎ᠠ ᠶᠢᠨ ᠨᠠᠢᠮᠠᠨ︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠠᠵᠢᠯᠯᠠᠭ᠎ᠠ ᠳᠤ ᠣᠷᠣᠯᠴᠠᠭᠰᠠᠨ ᠪᠥᠭᠡᠳ ᠺᠠᠳ᠋ᠷ ᠤᠯᠠᠨ ᠲᠦᠮᠡᠨ ᠲᠠᠢ ᠬᠠᠮᠲᠤᠪᠠᠷ ᠤᠷᠤᠯᠳᠤᠭᠠᠨ ᠢ ᠰᠣᠨᠢᠷᠬᠠᠪᠠ᠃ ᠬᠤᠲᠠ ᠶᠢᠨ ᠤᠳᠤᠷᠢᠳᠤᠯᠭ᠎ᠠ ᠳ᠋ᠧᠩ ᠰᠢᠶᠣᠣ ᠯᠢ᠂ ᠵᠠᠩ ᠰᠢᠨ᠂ ᠹᠧᠩ ᠵᠢᠶᠦ᠋ᠨ᠂ ᠸᠠᠩ ᠢᠦᠢ ᠴᠧᠩ᠂ ᠵᠣᠣ ᠲᠤᠸᠠᠨ ᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠤᠷᠤᠯᠴᠠᠪᠠ᠃
   ᠡᠬᠢᠯᠡᠯᠲᠡ ᠶᠢᠨ ᠶᠣᠰᠣᠯᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ ᠯᠢ ᠶᠢᠩ ᠠᠩᠬᠠᠳᠤᠭᠠᠷ ᠬᠤᠭᠤᠴᠠᠭᠠᠨ ᠤ ︽ᠡᠮᠡᠭᠲᠡᠶᠢᠴᠦᠳ ᠤᠨ ᠬᠤᠨᠳᠠᠭᠠᠲᠤ︾ ᠡᠮᠡᠭᠲᠡᠢ ᠶᠢᠨ ᠫᠢᠩᠫᠠᠩ ᠪᠥᠮᠪᠦᠭᠡ ᠶᠢᠨ ᠤᠷᠤᠯᠳᠤᠭᠠᠨ ᠡᠬᠢᠯᠡᠭᠰᠡᠨ ᠢ ᠵᠠᠷᠯᠠᠵᠤ᠂ ᠳ᠋ᠧᠩ ᠰᠢᠶᠣᠣ ᠯᠢ ᠪᠠᠶᠠᠷ ᠤᠨ  ᠶᠠᠷᠢᠶ᠎ᠠ ᠲᠠᠯᠪᠢᠵᠤ᠂ ᠬᠢᠨᠠᠭᠴᠢ ᠪᠣᠯᠣᠨ ᠲᠠᠮᠢᠷᠴᠢᠳ ᠤᠨ ᠲᠥᠯᠥᠭᠡᠯᠡᠭᠴᠢ ᠲᠤᠰ ᠲᠤᠰ ᠲᠠᠩᠭᠠᠷᠢᠭᠯᠠᠵᠠᠭᠠᠪᠠ᠃ ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠲᠠᠷᠠᠭ᠎ᠠ᠂ ᠬᠤᠷᠠᠯ ᠳᠤ ᠣᠷᠣᠯᠴᠠᠭᠰᠠᠨ ᠬᠤᠳᠠ ᠶᠢᠨ ᠤᠳᠤᠷᠢᠳᠤᠯᠭ᠎ᠠ ᠤᠷᠤᠯᠳᠤᠭᠠᠨ ᠢ ᠰᠣᠨᠢᠷᠬᠠᠬᠤ ᠶᠢᠨ ᠳᠠᠭᠠᠤ ᠲᠤᠬᠠᠢ ᠶᠢᠨ ᠲᠠᠯᠠᠪᠠᠢ ᠶᠢᠨ ᠦᠵᠡᠭᠴᠢᠳ ᠲᠠᠢ ᠳᠣᠲᠣᠨᠣ ᠪᠠᠷ ᠶᠠᠷᠢᠯᠴᠠᠵᠤ᠂ᠲᠠᠮᠢᠷᠴᠢᠳ ᠤᠨ ᠭᠤᠶᠢᠳᠠ ᠰᠠᠶᠢᠬᠠᠨ ᠢᠯᠡᠷᠡᠯ ᠢ ᠴᠠᠭ ᠲᠤᠬᠠᠢ ᠳᠤᠨᠢ ᠬᠠᠯᠠᠭᠤᠨ ᠢᠶᠠᠷ ᠠᠯᠠᠭ᠎ᠠ ᠲᠠᠰᠢᠪᠠ᠃  
   ᠯᠢ ᠶᠢᠩ ︽ᠭᠤᠷᠪᠠᠨ ᠰᠠᠷ᠎ᠠ ᠶᠢᠨ ᠨᠠᠢᠮᠠᠨ︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ︽ᠡᠮᠡᠭᠲᠡᠶᠢᠴᠦᠦᠳ ᠤᠨ ᠬᠤᠨᠳᠠᠭᠠᠲᠤ︾ ᠡᠮᠡᠭᠲᠡᠢ ᠶᠢᠨ ᠫᠢᠩᠫᠠᠩ ᠪᠥᠮᠪᠦᠭᠡ ᠶᠢᠨ ᠤᠷᠤᠯᠳᠤᠭᠠᠨ ᠢ ᠶᠠᠪᠤᠭᠳᠠᠭᠤᠯᠤᠭᠰᠠᠨ ᠨᠢ ᠢᠳᠡᠪᠬᠢᠲᠡᠢ ᠠᠴᠢ ᠬᠤᠯᠪᠣᠭᠳᠠᠯ ᠲᠠᠢ ᠪᠠᠶᠢᠵᠤ᠂ ᠥᠷᠭᠡᠨ ᠣᠯᠠᠨ ᠡᠮᠡᠭᠲᠡᠶᠢᠴᠦᠳ ᠤᠨ ᠫᠢᠩᠫᠠᠩ ᠪᠥᠮᠪᠥᠭᠡᠨ ᠳᠤ ᠪᠠᠭ᠋ᠠᠲᠠᠢ ᠬᠥᠮᠥᠰ ᠲᠤ ᠮᠡᠷᠭᠡᠵᠢᠯ ᠰᠣᠯᠢᠯᠴᠠᠬᠤ᠂ ᠬᠠᠷᠢᠯᠴᠠᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ᠥᠷᠭᠡᠨ ᠣᠯᠠᠨ ᠡᠮᠡᠭᠲᠡᠶᠢᠴᠦᠳ ᠤᠨ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠂ ᠣᠯᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷᠮ᠎ᠠ ᠵᠣᠷᠢᠭ ᠢ ᠬᠥᠭᠵᠢᠭᠡᠵᠦ᠂ᠥᠷᠭᠡᠨ ᠣᠯᠠᠨ ᠡᠮᠡᠭᠲᠡᠶᠢᠴᠦᠳ ᠤᠨ ᠪᠥᠬᠦ ᠬᠤᠲᠠ ᠶᠢᠨ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ︽ᠡᠮᠡᠭᠲᠡᠶᠢᠴᠦᠳ ᠤᠨ ᠬᠦᠴᠦᠨ︾ ᠢ ᠨᠡᠮᠡᠷᠢᠯᠡᠪᠡ ᠭᠡᠪᠡ᠃
   ᠲᠤᠰ ᠤᠳᠠᠭᠠᠨ ᠤ ᠤᠷᠤᠯᠳᠤᠭᠠᠨ ᠢ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠹᠧᠩᠵᠧᠨ ᠤ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠶᠡᠭᠡ ᠰᠤᠷᠭᠠᠭᠤᠯᠢ᠂ ᠬᠤᠲᠠ ᠶᠢᠨ ᠫᠢᠩᠫᠠᠩ ᠪᠥᠮᠪᠦᠭᠡ ᠶᠢᠨ ᠺᠯᠦ᠋ᠪ ᠤᠨ ᠬᠢᠨ ᠬᠠᠮᠲᠤᠷᠠᠨ ᠡᠷᠭᠢᠯᠡᠵᠦ᠂ ᠪᠦᠬᠦ ᠬᠤᠲᠠ ᠶᠢᠨ ᠡᠯ᠎ᠡ ᠠᠵᠢᠯ ᠲᠥᠷᠥᠯ ᠠᠴᠠ  ᠰᠠᠭᠠᠳᠤᠭᠰᠠᠨ ᠡᠮᠡᠭᠲᠡᠢ ᠫᠢᠩᠫᠠᠩ ᠪᠥᠮᠪᠥᠭᠡᠨ ᠳᠤ ᠪᠠᠭ᠋ᠠᠲᠠᠢ ᠬᠥᠮᠥᠰ ᠢᠳᠡᠪᠬᠢᠲᠡᠢ ᠣᠷᠣᠯᠴᠠᠵᠤ᠂ 15 ᠲᠥᠯᠥᠭᠡᠯᠡᠭᠴᠢᠳ ᠤᠨ ᠠᠩᠭᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠤᠷᠤᠯᠴᠠᠪᠠ᠃ ᠤᠷᠤᠯᠳᠤᠭᠠᠨ ᠤ ᠵᠦᠢᠯ ᠳᠤ ᠡᠮᠡᠭᠲᠡᠢ ᠶᠢᠨ ᠭᠠᠭᠴᠠᠭᠠᠷ ᠴᠣᠬᠢᠬᠤ᠂ ᠬᠤᠣᠰᠯᠠᠨ ᠴᠣᠬᠢᠬᠤ ᠵᠢᠴᠢ ᠬᠠᠮᠲᠤ ᠶᠢᠨ ᠤᠷᠤᠯᠳᠤᠭᠠᠨ ᠪᠠᠭᠲᠠᠨ᠎ᠠ᠂ᠤᠷᠤᠯᠳᠤᠭᠠᠨ ᠤ ᠬᠤᠭᠤᠴᠠᠭ᠎ᠠ ᠨᠢ ᠨᠢᠭᠡ ᠡᠳᠦᠷ ᠬᠠᠭᠠᠰ ᠪᠣᠯᠣᠨ᠎ᠠ᠃ ᠤᠷᠤᠯᠳᠤᠭᠠᠨ ᠨᠢ ᠳᠡᠯᠡᠬᠡᠢ ᠨᠡᠶᠢᠲᠡ ᠳᠤ ᠨᠡᠶᠢᠳᠡᠮ ᠬᠡᠷᠡᠭᠯᠡᠭᠳᠡᠬᠦ ᠫᠢᠩᠫᠠᠩ ᠪᠥᠮᠪᠦᠭᠡ ᠶᠢᠨ ᠤᠷᠤᠯᠳᠤᠭᠠᠨ ᠤ ᠳᠦᠷᠢᠮ ᠢ ᠬᠡᠷᠡᠭᠵᠢᠭᠦᠯᠵᠦ᠂ ᠤᠷᠤᠯᠳᠤᠭᠠᠨ ᠳᠤ ᠣᠷᠣᠯᠴᠠᠭᠰᠠᠳ ᠨᠢᠭᠡᠪᠦᠷᠢ ᠶᠢ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠪᠠᠶᠢᠬᠤ ᠶᠢᠨ ᠳᠤᠮᠳᠠ ᠬᠦᠴᠦ ᠬᠥᠯᠥᠰᠦ ᠪᠠᠨ ᠬᠠᠨᠲᠠᠯ᠎ᠠ ᠤᠷᠤᠰᠬᠠᠵᠤ᠂ ︽ᠡᠮᠡᠭᠲᠡᠶᠢᠴᠦᠳ ᠤᠨ ᠴᠤᠭ ᠵᠢᠪᠬᠤᠭ᠎ᠠ︾ ᠪᠠᠨ ᠭᠠᠶᠢᠬᠠᠭᠤᠯᠬᠤ ᠪᠤᠯᠤᠨ᠎ᠠ᠃        ᠵᠣᠬᠢᠶᠠᠭᠴᠢ᠄ ᠬᠤᠤ ᠴᠧᠨ ᠹᠧᠩ  ᠪᠠᠢ ᠯᠢ ᠨᠠ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3