| 3 ᠰᠠᠷ᠎ᠠ ᠶᠢᠨ 31 ᠤ ᠡᠳᠦᠷ᠂ ᠹᠧᠩᠵᠧᠨ ᠬᠤᠲᠠ ᠶᠢᠨ ᠷᠠᠳᠢᠣ᠋ ᠲᠧᠯᠸᠢᠰ ᠤᠨ ᠰᠢᠰᠲ᠋ᠧᠮ ᠤᠨ ᠬᠢᠨ 2025 | ᠣᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠪᠡ᠃ ᠲᠣᠰ ᠤᠳᠠᠭᠠᠨ ᠤ | ᠪᠣᠯᠪᠠᠰᠤᠷᠠᠭᠤᠯᠤᠯ ᠤᠨ ᠵᠣᠷᠢᠯᠭ᠎ᠠ ᠨᠢ ᠷᠠᠳᠢᠣ᠋ ᠲᠧᠯᠸᠢᠰ ᠤᠨ ᠰᠢᠰᠲ᠋ᠧᠮ ᠤᠨ ᠠᠵᠢᠯᠲᠠᠨ ᠤ ᠠᠮᠤᠷ ᠲᠦᠪᠰᠢᠨ ᠤ | ᠤᠬᠠᠮᠰᠠᠷ ᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠨ᠂ ᠷᠠᠳᠢᠣ᠋ | ᠲᠧᠯᠸᠢᠰ ᠤᠨ ᠠᠵᠢᠯ ᠤᠨ ᠠᠮᠤᠷ ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ | ᠲᠥᠯᠥᠭᠡ ᠶᠤᠮ᠃ | | ᠲᠣᠰ ᠤᠳᠠᠭᠠᠨ ᠤ ᠪᠣᠯᠪᠠᠰᠤᠷᠠᠭᠤᠯᠤᠯ ᠳᠤ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | ᠪᠣᠯᠣᠨ ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠲᠤᠰᠬᠠᠢ ᠮᠡᠷᠭᠡᠵᠢᠯ ᠤᠨ ᠠᠵᠢᠯᠲᠠᠨ ᠢ ᠣᠨᠴᠠ | ᠤᠷᠢᠵᠤ ᠣᠨᠣᠯ ᠤᠨ ᠲᠠᠶᠢᠯᠤᠮᠵᠢ ᠪᠠ ᠪᠣᠳᠠᠲᠠᠢ ᠪᠤᠯᠪᠠᠰᠤᠷᠠᠭᠤᠯᠤᠯ ᠤᠨ ᠵᠢᠯᠣᠭᠤᠳᠤᠯᠭ᠎ᠠ ᠬᠢᠯᠭᠡᠪᠡ᠃ ᠷᠠᠳᠢᠣ᠋ | ᠲᠧᠯᠸᠢᠰ ᠤᠨ ᠰᠢᠰᠲ᠋ᠧᠮ ᠤᠨ ᠠᠵᠢᠯ ᠤᠨ ᠣᠷᠴᠢᠨ ᠲᠣᠭᠤᠷᠢᠨ ᠤ ᠣᠨᠴᠠᠭᠠᠶ ᠴᠢᠨᠠᠷ ᠲᠤ ᠴᠢᠭᠯᠡᠭᠦᠯᠦᠨ᠂ ᠲᠤᠰᠬᠠᠢ | ᠮᠡᠷᠭᠡᠵᠢᠯ ᠤᠨ ᠠᠵᠢᠯᠲᠠᠳ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠ ᠭᠦᠨ ᠵᠤᠵᠠᠭᠠᠨ ᠲᠤᠰᠬᠠᠢ | ᠮᠡᠷᠭᠡᠵᠢᠯ ᠤᠨ ᠮᠡᠳᠡᠯᠭᠡ ᠲᠠᠢ ᠤᠶᠠᠯᠳᠤᠭᠤᠯᠤᠨ᠂ ᠭᠠᠯ ᠰᠡᠷᠭᠡᠶᠢᠯᠡᠬᠦ ᠠᠮᠤᠷ ᠲᠦᠪᠰᠢᠨ᠂ ᠴᠠᠬᠢᠯᠭᠠᠨ ᠬᠦᠴᠦᠨ ᠤ | ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠪᠥᠬᠦ ᠲᠠᠯ᠎ᠠ ᠶᠢᠨ ᠰᠢᠰᠲ᠋ᠧᠮ ᠲᠠᠢ ᠲᠠᠶᠢᠯᠤᠮᠵᠢ | ᠬᠢᠭᠰᠡᠨ ᠪᠥᠭᠡᠳ ᠲᠤᠬᠠᠢ ᠶᠢᠨ ᠲᠠᠯᠠᠪᠤᠷ ᠲᠤᠨᠢ ᠣᠯᠠᠨ ᠤ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠳᠤ | ᠬᠠᠷᠢᠭᠤᠯᠲᠠ ᠦᠭᠪᠡ᠃ ᠪᠣᠳᠠᠲᠠᠢ ᠪᠤᠯᠪᠠᠰᠤᠷᠠᠭᠤᠯᠤᠯ ᠤᠨ ᠭᠤᠭᠴᠤᠭ᠎ᠠ ᠳᠤ᠂ ᠭᠠᠯ ᠤᠨᠲᠠᠷᠠᠭᠠᠬᠤ | ᠲᠥᠬᠦᠭᠡᠷᠦᠮᠵᠢ ᠶᠢ ᠵᠢᠷᠤᠮᠵᠢᠭᠤᠯᠤᠨ ᠠᠵᠢᠯᠯᠠᠭᠤᠯᠬᠤ ᠠᠷᠭ᠎ᠠ ᠵᠢᠴᠢ ᠴᠠᠬᠢᠯᠭᠠᠨ ᠬᠦᠴᠦᠨ ᠤ ᠰᠠᠭᠠᠳ ᠭᠠᠷᠬᠤ | ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠬᠠᠢ ᠶᠢᠨ ᠲᠠᠯᠠᠪᠤᠷ ᠲᠤᠨᠢ | ᠦᠵᠡᠭᠦᠯᠵᠦ᠂ ᠪᠤᠯᠪᠠᠰᠤᠷᠠᠭᠤᠯᠤᠯ ᠳᠤ ᠣᠷᠣᠯᠴᠠᠭᠰᠠᠳ ᠢ ᠰᠢᠭᠤᠳ ᠪᠥᠭᠡᠳ ᠭᠦᠨᠵᠡᠭᠡᠢ ᠲᠠᠨᠢᠯᠲᠠ ᠲᠠᠢ ᠪᠣᠯᠭᠠᠵᠤ᠂ | ᠣᠨᠣᠯ ᠤᠨ ᠮᠡᠳᠡᠯᠭᠡ ᠶᠢ ᠪᠣᠳᠠᠲᠠᠢ ᠠᠵᠢᠯᠯᠠᠭᠤᠯᠬᠤ ᠴᠢᠳᠠᠪᠤᠷᠢ ᠪᠣᠯᠭᠠᠨ ᠬᠤᠪᠢᠷᠠᠭᠤᠯᠬᠤ ᠴᠢᠳᠠᠪᠤᠷᠢ ᠶᠢ ᠨᠢ | ᠳᠡᠭᠡᠭᠰᠢᠯᠡᠭᠦᠯᠪᠡ᠃ | | ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠬᠥᠮᠥᠰ ᠪᠠᠰᠠ ᠹᠧᠩᠵᠧᠨ ᠬᠤᠲᠠ ᠶᠢᠨ | ᠬᠠᠮ ᠵᠠᠭᠤᠴᠢᠯᠠᠭᠤᠷ ᠤᠨ ᠲᠥᠪ ᠤᠨ ᠨᠡᠪᠲᠡᠷᠡᠭᠦᠯᠦᠨ ᠡᠵᠡᠮᠳᠡᠬᠦ ᠲᠠᠰᠤᠭ᠂ ᠮᠡᠷᠭᠡᠵᠢᠯ ᠤᠨ ᠮᠠᠰᠢᠨ ᠤ ᠥᠷᠥᠭᠡ ᠵᠡᠷᠭᠡ | ᠭᠤᠣᠯᠳᠠᠯᠭ᠎ᠠ ᠲᠠᠢ ᠲᠠᠯᠠᠪᠤᠷ ᠤᠨ ᠴᠠᠬᠢᠯᠭᠠᠨ ᠬᠡᠷᠡᠭᠯᠡᠭᠰᠡᠨ ᠪᠠ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠡᠳ ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠳᠠᠯᠳᠠ ᠬᠡᠮ ᠤᠨ | ᠠᠰᠠᠭᠤᠳᠠᠯ ᠳᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠵᠢᠯᠤᠭᠤᠳᠬᠤ ᠴᠢᠨᠠᠷᠲᠠᠢ ᠰᠠᠨᠠᠯ ᠪᠠ | ᠰᠠᠨᠠᠭᠤᠯᠭ᠎ᠠ ᠳᠤᠷᠠᠳᠪᠠ᠃ ᠪᠠᠰᠠ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠨᠠᠷ ᠡᠷᠬᠡᠪᠰᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠲᠠᠯ᠎ᠠ ᠶᠢᠨ ᠥᠪᠡᠷ ᠤᠨ ᠪᠠᠶᠢᠴᠠᠭᠠᠯᠲᠠ ᠶᠢ ᠦᠳᠲᠡᠷ ᠲᠦᠷᠭᠡᠨ ᠵᠣᠬᠢᠶᠠᠨ | ᠪᠠᠶᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ | ᠳᠤᠨᠢ ᠠᠷᠢᠯᠭᠠᠵᠤ᠂ ᠷᠠᠳᠢᠣ᠋ ᠲᠧᠯᠸᠢᠰ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ | ᠦᠨᠡᠨᠬᠦ ᠪᠠᠲᠤᠯᠠᠬᠤ ᠶᠢ ᠱᠠᠭᠠᠷᠳᠠᠪᠠ᠃ | ᠪᠣᠯᠪᠠᠰᠤᠷᠠᠭᠤᠯᠤᠯ ᠢᠶᠠᠷ ᠳᠡᠮᠵᠢᠨ᠂ ᠷᠠᠳᠢᠣ᠋ ᠲᠧᠯᠸᠢᠰ ᠤᠨ ᠰᠢᠰᠲ᠋ᠧᠮ ᠤᠨ ᠠᠵᠢᠯᠲᠠᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠭᠡᠨᠡᠳᠲᠡ ᠶᠢᠨ ᠠᠮᠤᠷ | ᠲᠦᠪᠰᠢᠨ ᠤ ᠬᠡᠷᠡᠭ ᠢ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | | | ᠵᠣᠬᠢᠶᠠᠭᠴᠢ᠄ ᠶᠠᠨ ᠰᠢᠶᠠ ᠹᠧᠢ ᠰᠢᠩ ᠶᠦᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |