ᠮᠠᠨ ᠤ ᠬᠤᠲᠠ ᠶᠢᠨ ᠬᠢᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/1
   3 ᠰᠠᠷ᠎ᠠ ᠶᠢᠨ 31 ᠤ ᠡᠳᠦᠷ᠂ ᠮᠠᠨ ᠤ ᠬᠤᠲᠠ ᠶᠢᠨ ᠬᠢᠨ ᠠᠷᠠᠳ ᠤᠨ ᠴᠡᠴᠡᠷᠯᠢᠭ ᠲᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠲᠤᠬᠠᠢ ᠶᠢᠨ ᠲᠠᠯᠠᠪᠤᠷ ᠲᠤ ᠤᠬᠠᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠲᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠪᠡ᠃ ᠠᠵᠢᠯᠲᠠᠳ ᠳᠥᠭᠦᠮ ᠣᠶᠢᠯᠠᠭᠠᠮᠵᠢᠲᠠᠢ ᠦᠭᠡ ᠶᠠᠷᠢᠶ᠎ᠠ ᠪᠠᠷ ᠣᠯᠠᠨ ᠲᠦᠮᠡᠨ ᠤ ᠡᠯ᠎ᠡ ᠵᠦᠢᠯ ᠤᠨ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠵᠢᠴᠢ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠣᠯᠠᠨ ᠳᠤ ᠭᠦᠨᠵᠡᠭᠡᠢ ᠲᠠᠨᠢᠯᠴᠠᠭᠤᠯᠪᠠ᠃ ᠡᠭᠦᠨ ᠤ ᠵᠡᠷᠭᠡ ᠳᠤ᠂ ᠴᠠᠭᠠᠰᠤᠨ ᠵᠣᠭᠤᠰ ᠢ ᠰᠢᠲᠠᠭᠠᠬᠤ᠂ ᠶᠡᠭᠡ ᠪᠠᠷ ᠬᠢᠬᠦ ᠵᠡᠷᠭᠡ ᠮᠠᠭᠤ ᠳᠠᠳᠬᠠᠯ ᠢ ᠲᠠᠶᠠᠭᠳᠠᠬᠤ ᠶᠢ ᠶᠡᠭᠡ ᠪᠠᠷ ᠰᠠᠨᠠᠭᠠᠴᠢᠯᠠᠵᠤ᠂ ᠣᠯᠠᠨ ᠲᠦᠮᠡᠨ ᠤ ᠤᠬᠠᠮᠰᠠᠷ ᠠᠴᠠ ᠪᠠᠨ ᠣᠲᠣ ᠦᠶ᠎ᠡ ᠶᠢᠨ ᠪᠣᠯᠪᠠᠰᠤᠨ ᠤ ᠲᠠᠬᠢᠯᠭ᠎ᠠ ᠶᠢᠨ ᠠᠷᠭ᠎ᠠ ᠮᠠᠶ᠋ᠢᠭ ᠢ ᠦᠢᠯᠡᠳᠦᠯᠭᠡᠵᠢᠭᠦᠯᠬᠦ ᠶᠢ ᠵᠤᠷᠢᠭᠵᠢᠭᠤᠯᠪᠠ᠃
   ᠠᠵᠢᠯᠯᠠᠭ᠎ᠠ ᠶᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ᠢᠳᠡᠪᠬᠢᠲᠡᠢ ᠤᠷᠤᠯᠴᠠᠪᠠ᠃ ᠲᠤᠰ ᠤᠳᠠᠭᠠᠨ ᠤ ᠠᠵᠢᠯᠯᠠᠭ᠎ᠠ ᠨᠢ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠳ ᠣᠯᠠᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠪᠣᠯᠪᠠᠰᠤᠨ᠂ ᠠᠷᠪᠢᠴᠢ ᠭᠠᠮᠲᠠᠢ ᠣᠷᠣᠰᠢᠭᠤᠯᠭ᠎ᠠ ᠶᠢᠨ ᠦᠵᠡᠯᠲᠡ ᠶᠢ ᠪᠤᠶ ᠪᠣᠯᠭᠠᠵᠤ᠂ ᠪᠣᠯᠪᠠᠰᠤᠨ᠂ ᠣᠷᠴᠢᠨ ᠠᠬᠤᠢ ᠶᠢ ᠬᠠᠮᠠᠭᠠᠯᠠᠬᠤ᠂ ᠠᠷᠪᠢᠴᠢ ᠭᠠᠮᠲᠠᠢ ᠨᠡᠶᠢᠭᠡᠮ ᠤᠨ ᠰᠢᠨ᠎ᠡ ᠬᠡᠪ ᠰᠤᠷᠲᠠᠯ ᠢ ᠴᠢᠷᠮᠠᠶᠢᠨ ᠪᠤᠶ ᠪᠣᠯᠭᠠᠬᠤ ᠶᠢᠨ ᠲᠥᠯᠥᠭᠡ ᠶᠤᠮ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠶᠢᠨ ᠬᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠢ ᠥᠷᠨᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃        ᠵᠣᠬᠢᠶᠠᠭᠴᠢ᠄ ᠸᠠᠩ ᠨᠢᠩ ᠪᠦᠸᠧ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ  ᠵᠧᠦ ᠵᠢᠶᠦ᠋ᠨ ᠫᠢᠩ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3