| 3 ᠰᠠᠷ᠎ᠠ ᠶᠢᠨ 31 ᠤ ᠡᠳᠦᠷ᠂ ᠮᠠᠨ ᠤ ᠬᠤᠲᠠ ᠶᠢᠨ ᠬᠢᠨ ᠤᠯᠤᠰ ᠲᠥᠷᠥ ᠬᠠᠤᠯᠢ ᠴᠠᠭᠠᠵᠠ᠂ ᠵᠣᠬᠢᠶᠠᠨ | ᠪᠠᠶᠢᠭᠤᠯᠤᠯᠲᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠨᠡᠶᠢᠭᠡᠮ ᠤᠨ ᠠᠵᠢᠯ ᠤᠨ ᠬᠤᠷᠠᠯ ᠢ ᠬᠤᠷᠠᠯᠳᠤᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠢ ᠬᠤᠷᠠᠯ ᠢ | ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠵᠠᠩ ᠬᠤᠩ ᠨᠠᠷ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠬᠤᠲᠠ ᠶᠢᠨ ᠤᠳᠤᠷᠢᠳᠤᠯᠭ᠎ᠠ ᠴᠧᠨ | ᠪᠥᠸᠧ ᠯᠢᠨ᠂ ᠳ᠋ᠧᠩ ᠰᠢᠶᠣᠣ ᠯᠢ᠂ ᠶᠠᠩ ᠯᠠᠢ ᠴᠢᠤᠸᠠᠨ᠂ ᠹᠧᠩ ᠵᠢᠶᠦ᠋ᠨ ᠵᠢᠴᠢ ᠨᠡᠶᠢᠭᠡᠮ ᠤᠨ ᠠᠵᠢᠯ ᠤᠨ | ᠬᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ | ᠠᠵᠢᠯ ᠤᠨ ᠢᠶᠠᠨ ᠲᠤᠬᠠᠢ ᠳ᠋ᠦᠩᠨᠡᠯᠲᠡ ᠬᠢᠭᠰᠡᠨ ᠪᠥᠭᠡᠳ 2025 ᠣᠨ ᠤ ᠠᠵᠢᠯ ᠢᠶᠠᠨ ᠲᠣᠬᠢᠷᠠᠭᠤᠯᠤᠨ | ᠪᠠᠶᠢᠷᠢᠯᠠᠭᠤᠯᠪᠠ᠃ | | ᠯᠢ ᠶᠢᠩ᠄ ᠡᠨᠡ ᠵᠢᠯ ᠤᠨ ᠤᠯᠤᠰ ᠲᠦᠷᠦ ᠬᠠᠤᠯᠢ ᠴᠠᠭᠠᠵᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ | ᠨᠢᠭᠡᠳᠦᠮᠡᠯ ᠹᠷᠣᠨᠲ᠂ ᠨᠡᠶᠢᠭᠡᠮ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ | ᠭᠡᠷᠡᠯᠲᠡᠢ ᠤᠴᠢᠷ ᠠᠴᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ | ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠤᠯᠤᠰ ᠲᠦᠷᠦ ᠬᠠᠤᠯᠢ ᠴᠠᠭᠠᠵᠠ ᠶᠢᠨ ︽ᠠᠮᠤᠷ | ᠠᠮᠤᠭᠤᠯᠠᠩ ᠢ ᠬᠠᠮᠠᠭᠠᠯᠠᠬᠤ︾ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠠᠭᠤᠷᠢ ᠶᠢ ᠪᠠᠲᠤᠳᠬᠠᠨ | ᠦᠨᠳᠦᠰᠦ ᠶᠢ ᠪᠠᠬᠢᠵᠢᠭᠦᠯᠬᠦ︾ ᠶᠢ ᠵᠣᠬᠢᠶᠠᠨ ᠪᠠᠶᠢᠭᠤᠯᠵᠤ᠂ ︽ᠡᠷᠴᠢ ᠵᠣᠷᠢᠭ ᠢᠶᠠᠨ ᠬᠥᠪᠴᠢᠯᠡᠨ ᠰᠦᠷ ᠬᠦᠴᠦᠨ ᠢ | ᠪᠤᠢ ᠪᠣᠯᠭᠠᠬᠤ︾ ᠶᠢ ᠤᠬᠠᠭᠤᠯᠵᠤ᠂ ᠨᠢᠭᠡᠳᠦᠮᠡᠯ ᠹᠷᠣᠨᠲ ᠤᠨ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ︾᠂ | ᠨᠡᠶᠢᠭᠡᠮ ᠤᠨ ᠠᠵᠢᠯ ᠤᠨ ︽ᠬᠠᠯᠠᠭᠤᠨ ᠳᠤᠯᠠᠭᠠᠨ ᠢ ᠳᠡᠭᠡᠭᠰᠢᠯᠡᠭᠦᠯᠬᠦ︾ ᠶᠢ ᠤᠬᠠᠭᠤᠯᠵᠤ᠂ ᠡᠯ᠎ᠡ ᠵᠦᠢᠯ ᠤᠨ | ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ︔ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ︽ᠨᠠᠮ ᠤᠨ | ᠪᠠᠶᠢᠭᠤᠯᠤᠯᠲᠠ ᠶᠢ ᠰᠠᠶᠢᠲᠤᠷ ᠠᠳᠬᠤᠬᠤ ᠨᠢ ᠬᠠᠮᠤᠭ ᠤᠨ ᠶᠡᠭᠡ ᠵᠠᠰᠠᠭ ᠤᠨ ᠠᠵᠢᠯ ᠤᠨ ᠠᠮᠵᠢᠯᠲᠠ ᠮᠥᠨ︾ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ | ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ | ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠭᠡᠰᠢᠭᠦᠨ | ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠰᠢᠨᠲᠠᠷᠠᠰᠢ ᠦᠭᠡᠢ ᠲᠤᠭᠤᠰᠢᠯᠠᠭᠤᠯᠵᠤ᠂ ᠰᠢᠯᠢᠳᠡᠭ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | | | ᠵᠣᠬᠢᠶᠠᠭᠴᠢ᠄ ᠴᠧᠨ ᠸᠧᠨ ᠵᠢᠶᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |