| 4 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠠᠵᠤ ᠠᠬᠤᠶᠢᠯᠠᠯ ᠤᠨ | ᠠᠵᠤ ᠠᠬᠤᠶ ᠶᠢᠨ ᠠᠵᠢᠯᠯᠠᠭᠠᠨ ᠪᠠ ᠠᠶᠤᠯᠭᠦᠶ ᠦᠢᠯᠡᠳᠪᠦᠷᠢᠯᠡᠯ ᠵᠡᠷᠭᠡ ᠬᠤᠯᠪᠣᠭᠳᠠᠯ ᠪᠥᠬᠦᠶ ᠠᠵᠢᠯ ᠳᠤ ᠪᠠᠶᠢᠴᠠᠭᠠᠨ | ᠰᠤᠳᠤᠯᠤᠯᠲᠠ ᠬᠢᠪᠠ᠃ | | ᠯᠢ ᠶᠢᠩ ᠨᠡᠷ ᠤᠷᠢᠳ ᠬᠤᠵᠢᠳ ᠰᠠᠨ ᠠᠶ ᠹᠦ᠋ ᠸᠠᠨ ᠬᠤᠤ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠺᠣᠮᠫᠠᠨᠢ᠂ ᠰᠢᠨ ᠲᠠᠢ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠵᠢᠶ ᠲᠢᠶᠧ ᠲᠡᠮᠦᠷ ᠤᠨ | ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠴᠢ ᠶᠧᠪᠡᠩ ᠤᠨ ᠬᠦᠷᠢᠶᠡᠯᠡᠩ ᠲᠣᠭᠤᠷᠢᠭ ᠵᠡᠷᠭᠡ | ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠨᠡᠭᠡᠭᠡᠯᠳᠡ᠂ ᠠᠵᠤ | ᠠᠬᠤᠶ ᠶᠢᠨ ᠠᠵᠢᠯᠯᠠᠭ᠎ᠠ᠂ ᠠᠶᠤᠯᠭᠦᠶ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ | ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠤᠶᠢᠯᠠᠭᠠᠵᠤ᠂ ᠲᠤᠬᠠᠶ ᠶᠢᠨ ᠲᠠᠯᠠᠪᠤᠷ ᠲᠤ ᠠᠵᠢᠯᠯᠠᠬᠤ ᠳᠤ ᠬᠠᠮᠢᠶ᠎ᠠ ᠪᠥᠬᠦᠶ ᠤᠴᠢᠷ ᠶᠠᠪᠤᠳᠠᠯ ᠢ ᠵᠣᠬᠢᠴᠠᠭᠤᠯᠤᠨ | ᠰᠢᠢᠳᠪᠦᠷᠢᠯᠡᠬᠦ ᠶᠢᠨ ᠬᠠᠮᠲᠤ ᠬᠦᠰᠡᠯ ᠱᠠᠭᠠᠷᠳᠠᠯᠭ᠎ᠠ ᠳᠤᠷᠠᠳᠪᠠ᠃ | | ᠯᠢ ᠶᠢᠩ᠄ ᠡᠯ᠎ᠡ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠭᠦᠢᠴᠡᠳ | ᠰᠢᠩᠭᠡᠭᠡᠨ ᠠᠪᠴᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ | ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ | ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠠᠵᠤ | ᠠᠬᠤᠶᠢᠯᠠᠯ ᠤᠨ ᠬᠢᠨ ᠠᠶᠤᠯᠭᠦᠢ ᠬᠥᠭᠵᠢᠯᠲᠡ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯᠭᠦᠢ ᠪᠠ | ᠦᠢᠯᠡᠳᠪᠦᠷᠢᠯᠡᠯ ᠢ ᠢᠮᠠᠭᠲᠠ ᠠᠳᠠᠯᠢ ᠥᠨᠳᠥᠷ ᠬᠡᠮᠵᠢᠶᠡᠨ ᠳᠤ ᠲᠠᠯᠪᠢᠨ ᠠᠳᠬᠤᠵᠤ᠂ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠨ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠠᠵᠢᠯᠳᠠᠨ | ᠠᠵᠢᠯᠴᠢᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠪᠣᠯᠤᠨ ᠥᠪᠡᠷ ᠢ ᠪᠠᠨ | ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠲᠠᠰᠤᠷᠠᠯᠳᠠ ᠥᠭᠡᠢ ᠳᠡᠭᠡᠭᠰᠢᠯᠡᠭᠦᠯᠵᠦ᠂ ᠠᠶᠤᠯᠭᠦᠢ ᠶᠢᠨ | ᠡ᠊ᠨᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ | ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ ᠭᠡᠪᠡ᠃ | ᠬᠤᠳᠠ ᠶᠢᠨ ᠤᠳᠤᠷᠢᠳᠤᠯᠭ᠎ᠠ ᠵᠠᠩ ᠰᠢᠨ᠂ ᠵᠠᠩ ᠶᠦᠩ ᠵᠢᠶᠦ᠋ᠨ᠂ ᠵᠧᠦ ᠵᠢᠶᠠᠨ ᠫᠢᠩ ᠣᠷᠣᠯᠴᠠᠪᠠ᠃ | | | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |